ᠤᠯᠠᠭᠠᠨᠬᠤᠳᠠ ᠤᠰᠤᠨ ᠲᠤᠳᠤᠷᠭ᠎ᠠ ᠲᠠᠷᠢᠵᠤ ᠤᠷᠭᠤᠭᠤᠯᠬᠤ ᠮᠡᠷᠭᠡᠵᠢᠯ ᠢᠶᠠᠨ ᠰᠢᠨᠡᠳᠭᠡᠵᠤ ᠪᠠᠶᠢᠨ᠎ᠠ
ᠨᠡᠶᠢᠲᠡᠯᠡᠭᠰᠡᠨ ᠴᠠᠭ᠄
2025/6/23
        ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠢᠯᠡᠯᠳᠠ ᠪᠠᠯᠭᠠᠰᠤᠨ ᠤ ᠱᠧᠩᠯᠢ ᠭᠠᠴᠠᠭᠠᠨ ᠤ ᠤᠰᠤᠨ ᠲᠤᠳᠤᠷᠭ᠎ᠠ ᠶᠢ ᠬᠠᠭᠤᠷᠠᠢ ᠪᠠᠷ ᠲᠠᠷᠢᠵᠤ ᠤᠷᠭᠤᠭᠤᠯᠬᠤ ᠰᠠᠭᠤᠷᠢᠨ ᠭᠠᠵᠠᠷ ᠲᠤ ᠤᠰᠤᠨ ᠲᠤᠳᠤᠷᠭ᠎ᠠ ᠶᠢᠨ ᠤᠷᠭᠤᠴᠠ ᠰᠠᠶᠢᠳᠠᠢ ᠪᠠᠶᠢᠵᠤ᠂ ᠤᠰᠤᠨ ᠲᠤᠳᠤᠷᠭ᠎ᠠ ᠶᠢ ᠬᠠᠭᠤᠷᠠᠢ ᠪᠠᠷ ᠲᠠᠷᠢᠬᠤ ᠤᠰᠤᠨ ᠬᠤᠭᠤᠯᠠᠢ ᠶᠢᠨ ᠰᠢᠨ᠎ᠠ ᠮᠡᠷᠭᠡᠵᠢᠯ ᠤᠨ ᠬᠡᠷᠡᠭᠯᠡᠯᠳᠠ ᠨᠢ ᠤᠯᠠᠮᠵᠢᠯᠠᠯᠳᠤ ᠲᠠᠷᠢᠶᠠᠯᠠᠩ ᠪᠠ ᠤᠳᠤᠬᠢᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠤᠶᠠᠯᠳᠤᠭᠤᠯᠤᠨ᠂ ᠲᠠᠷᠢᠶᠠᠯᠠᠩ ᠤᠨ ᠦᠢᠯᠡᠰ ᠤᠨ ᠲᠠᠷᠢᠵᠤ ᠤᠷᠭᠤᠭᠤᠯᠬᠤ ᠰᠢᠨ᠎ᠠ ᠬᠠᠭᠤᠳᠠᠰᠤ ᠶᠢ ᠪᠢᠴᠢᠭᠯᠡᠨ᠎ᠠ᠃        ᠰᠠᠭᠤᠷᠢᠨ ᠭᠠᠵᠠᠷ ᠤᠨ ᠠᠬᠤᠢ ᠲᠠᠯᠠᠪᠠᠢ ᠳᠤ᠂ ᠠᠵᠢᠯᠳᠠᠨ ᠠᠴᠠ ᠵᠢᠯᠤᠭᠤᠴᠢ ᠦᠭᠡᠢ ᠨᠢᠰᠭᠡᠯ ᠢ ᠵᠢᠯᠤᠭᠤᠳᠤᠨ ᠲᠤᠳᠤᠷᠭ᠎ᠠ ᠶᠢᠨ ᠲᠠᠷᠢᠶᠠᠨ ᠳᠤ ᠲᠠᠷᠢᠶᠠᠨ ᠡᠮ ᠰᠠᠴᠤᠵᠤ᠂ ᠤᠰᠤᠨ ᠲᠤᠳᠤᠷᠭ᠎ᠠ ᠶᠢᠨ ᠠᠮᠢᠳᠤ ᠪᠤᠳᠠᠰ ᠤᠨ ᠡᠪᠡᠳᠴᠢᠨ ᠬᠤᠷᠤᠬᠠᠢ ᠶᠢ ᠰᠡᠷᠭᠡᠶᠢᠯᠡᠨ ᠵᠠᠰᠠᠨ᠎ᠠ᠃ ᠡᠬᠦᠨ ᠤ ᠬᠠᠮᠳᠤ᠂ ᠰᠠᠭᠤᠷᠢᠨ ᠭᠠᠵᠠᠷ ᠤᠨ ᠨᠦᠬᠦᠭᠡ ᠲᠠᠯ᠎ᠠ ᠳᠤ ᠤᠰᠤᠯᠠᠬᠤ ᠠᠵᠢᠯ ᠪᠠᠰᠠ ᠡᠮᠬᠢ ᠴᠡᠭᠴᠠᠳᠠᠢ ᠶᠠᠪᠤᠭᠳᠠᠵᠤ᠂ ᠤᠰᠤᠨ ᠲᠤᠳᠤᠷᠭ᠎ᠠ ᠶᠢ ᠬᠠᠭᠤᠷᠠᠢ ᠪᠠᠷ ᠲᠠᠷᠢᠬᠤ ᠤᠰᠤᠨ ᠬᠤᠭᠤᠯᠠᠢ ᠶᠢᠨ ᠮᠡᠷᠭᠡᠵᠢᠯ ᠤᠨ ᠤᠰᠤᠨ ᠤ ᠡᠬᠢ ᠪᠠᠶᠠᠯᠢᠭ ᠢ ᠪᠦᠳᠤᠮᠵᠢᠳᠠᠢ ᠠᠰᠢᠭᠯᠠᠬᠤ ᠲᠤᠪᠤᠶᠢᠮ᠎ᠠ ᠲᠠᠪᠠᠭᠤᠯᠢᠭ ᠢ ᠢᠯᠡᠷᠡᠬᠦᠯᠪᠡ᠃        ᠤᠤᠯ ᠳᠠᠭᠠᠨ ᠤᠰᠤᠨ ᠲᠤᠳᠤᠷᠭ᠎ᠠ ᠲᠠᠷᠢᠬᠤ ᠠᠴᠠ ᠡᠮᠤᠨ᠎ᠠ ᠲᠠᠷᠢᠶᠠᠴᠢᠳ ᠵᠢᠯ ᠪᠦᠷᠢ ᠶᠢᠨ 4 ᠰᠠᠷ᠎ᠠ ᠶᠢᠨ ᠲᠤᠮᠳᠠᠴᠢ ᠠᠴᠠ ᠡᠬᠢᠯᠡᠨ ᠬᠦᠯᠡᠮᠵᠢ ᠪᠠᠨ ᠴᠡᠪᠡᠷᠯᠡᠬᠦ᠂ ᠴᠢᠬᠢ ᠪᠤᠶᠢᠵᠢᠭᠤᠯᠬᠤ᠂ ᠰᠢᠷᠤᠢ ᠲᠡᠭᠰᠢᠯᠡᠬᠦ ᠵᠡᠷᠭᠡ ᠡᠮᠤᠨᠡᠬᠢ ᠬᠤᠭᠤᠴᠠᠭᠠᠨ ᠤ ᠠᠵᠢᠯ ᠳᠤ ᠶᠡᠭᠡ ᠬᠡᠮᠵᠢᠶᠠᠨ ᠤ ᠬᠦᠮᠤᠨ ᠤ ᠬᠦᠴᠤ ᠪᠠ ᠴᠠᠭ ᠵᠠᠷᠤᠴᠠᠭᠤᠯᠳᠠᠭ᠃ ᠤᠳᠤᠬᠠᠨ ᠳᠤ᠂ ᠲᠤᠰ ᠮᠡᠷᠭᠡᠵᠢᠯ ᠨᠢ ᠡᠳᠡᠭᠡᠷ ᠠᠯᠬᠤᠮ ᠢ ᠲᠦᠬᠦᠮᠴᠢᠯᠡᠭᠰᠡᠨ ᠢᠶᠠᠷ ᠪᠠᠷᠠᠬᠤ ᠦᠭᠡᠢ ᠰᠢᠭᠤᠳ ᠲᠠᠷᠢᠵᠤ ᠤᠷᠭᠤᠭᠤᠯᠪᠠᠯ ᠪᠤᠯᠴᠢᠬᠠᠨ᠎ᠠ᠂ ᠡ᠊ᠨᠠ ᠨᠢ ᠬᠦᠮᠤᠨ ᠤ ᠬᠦᠴᠤ ᠪᠠ ᠴᠠᠭ ᠬᠤᠭᠤᠴᠠᠭ᠎ᠠ ᠶᠢᠨ ᠦᠪᠠᠷ ᠤᠨ ᠦᠷᠳᠡᠭ ᠢ ᠶᠡᠭᠡ ᠬᠡᠮᠵᠢᠶ᠎ᠠ ᠪᠠᠷ ᠪᠠᠭᠠᠰᠬᠠᠭᠰᠠᠨ ᠪᠠᠶᠢᠨ᠎ᠠ᠃        ︽ᠡ᠊ᠨᠠ ᠵᠢᠯ ᠮᠠᠨ ᠤ ᠺᠤᠮᠫᠠᠨᠢ 778 ᠮᠤ᠋ ᠤᠰᠤᠨ ᠲᠤᠳᠤᠷᠭ᠎ᠠ ᠶᠢ ᠤᠷᠤᠯᠠᠨ ᠬᠠᠮᠢᠶᠠᠷᠴᠤ᠂ ᠮᠤ᠋ ᠨᠢᠭᠡᠴᠢ ᠶᠢᠨ ᠤᠨᠠᠯᠳᠠ ᠨᠢ ᠪᠠᠷᠤᠭ 1000 ᠵᠢᠩ ᠳᠤ ᠬᠦᠷᠴᠤ ᠴᠢᠳᠠᠨ᠎ᠠ᠂ ᠰᠢᠨᠵᠢᠯᠡᠬᠦ ᠤᠬᠠᠭᠠᠨᠴᠢ ᠬᠠᠮᠢᠶᠠᠷᠤᠯᠳᠠ ᠪᠠ ᠮᠡᠷᠭᠡᠵᠢᠯ ᠢᠶᠠᠨ ᠰᠢᠯᠢᠳᠡᠭᠵᠢᠬᠦᠯᠬᠦ ᠪᠠᠷ ᠲᠠᠮᠵᠢᠨ᠂ ᠮᠤ᠋ ᠨᠢᠭᠡᠴᠢ ᠶᠢᠨ ᠤᠨᠠᠯᠳᠠ ᠶᠢ 1200 ᠵᠢᠩ ᠳᠤ ᠬᠦᠷᠭᠡᠬᠦ ᠬᠠᠷᠠᠯᠳᠠ ᠶᠢ ᠪᠡᠶᠡᠯᠡᠬᠦᠯᠬᠦ ᠪᠠᠷ ᠬᠦᠴᠤᠯᠠᠨ ᠴᠢᠷᠮᠠᠶᠢᠵᠤ ᠪᠤᠢ︾ ᠭᠡᠵᠤ ᠤᠶᠤᠨᠴᠢ ᠲᠠᠷᠢᠶᠠᠯᠠᠩ ᠤᠨ ᠢᠷᠡᠭᠡᠳᠤᠢ ᠶᠢᠨ ᠲᠤᠭᠠᠴᠢᠯᠠᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠩᠭᠠᠨ ᠠᠶᠢᠮᠠᠭ ᠤᠨ ᠬᠢᠵᠠᠭᠠᠷᠳᠤ ᠺᠤᠮᠫᠠᠨᠢ ᠶᠢᠨ ᠲᠠᠭᠠᠭᠠᠮᠠᠯ ᠴᠢᠣ ᠶᠧ ᠬᠡᠯᠡᠨ᠎ᠡ᠃        ᠤᠰᠤᠨ ᠲᠤᠳᠤᠷᠭ᠎ᠠ ᠶᠢ ᠬᠠᠭᠤᠷᠠᠢ ᠪᠠᠷ ᠲᠠᠷᠢᠬᠤ ᠤᠰᠤᠨ ᠬᠤᠭᠤᠯᠠᠢ ᠶᠢᠨ ᠮᠡᠷᠭᠡᠵᠢᠯ ᠤᠨ ᠬᠡᠷᠡᠭᠯᠡᠯᠳᠠ ᠪᠤᠯ ᠤᠯᠠᠭᠠᠨᠬᠤᠳᠠ ᠲᠠᠷᠢᠶᠠᠯᠠᠩ ᠤᠨ ᠤᠳᠤᠬᠢᠴᠢᠯᠠᠯᠳᠠ ᠶᠢ ᠠᠬᠢᠭᠤᠯᠬᠤ᠂ ᠦᠨᠳᠤᠷ ᠦᠷ᠎ᠠ ᠠᠰᠢᠭᠳᠠᠢ ᠲᠠᠷᠢᠵᠤ ᠤᠷᠭᠤᠭᠤᠯᠬᠤ ᠬᠡᠯᠪᠡᠷᠢ ᠶᠢ ᠰᠦᠪᠡᠭᠴᠢᠯᠡᠬᠰᠡᠨ ᠪᠤᠳᠠᠳᠤ ᠦᠢᠯᠡᠳᠤᠯᠭᠡ ᠪᠤᠯᠤᠨ᠎ᠠ᠃ ᠡ᠊ᠨᠠ ᠨᠢ ᠤᠰᠤᠨ ᠲᠤᠳᠤᠷᠭ᠎ᠠ ᠶᠢ ᠲᠠᠷᠢᠵᠤ ᠤᠷᠭᠤᠭᠤᠯᠬᠤ ᠰᠢᠨ᠎ᠠ ᠬᠦᠳᠡᠯᠭᠡᠭᠴᠢ ᠬᠦᠴᠤᠨ ᠢ ᠤᠷᠮᠠᠰᠢᠭᠤᠯᠵᠤ᠂ ᠲᠤᠬᠠᠢ ᠶᠢᠨ ᠭᠠᠵᠠᠷ ᠤᠨ ᠲᠠᠷᠢᠶᠠᠯᠠᠩ ᠤᠨ ᠪᠤᠬᠢᠷᠳᠤᠯ ᠦᠭᠡᠢ᠂ ᠦᠨᠳᠤᠷ ᠦᠷ᠎ᠠ ᠠᠰᠢᠭᠳᠠᠢ᠂ ᠤᠶᠤᠨᠴᠢᠯᠠᠭᠰᠠᠨ ᠲᠡᠶᠢᠰᠢ ᠬᠦᠭᠵᠢᠬᠦ ᠶᠢ ᠲᠠᠶᠢᠴᠢᠯᠠᠨ ᠲᠠᠭᠠᠭᠤᠯᠵᠤ ᠪᠠᠶᠢᠨ᠎ᠠ᠃ ︵ᠴᠤᠯᠮᠤᠨ ᠶᠠᠨ ᠯᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号