ᠤᠯᠠᠭᠠᠨᠬᠤᠲᠠ ᠪᠣᠬᠢᠷᠲᠤᠯ ᠥᠬᠡᠶ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/23
        ︽ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠥᠯᠥᠭᠡ᠂ 6 ᠰᠠᠷ᠎ᠠ ᠶᠢᠨ 20 ᠤ ᠡᠳᠦᠷ᠂ ᠤᠯᠠᠭᠠᠨᠬᠤᠲᠠ ᠪᠣᠬᠢᠷᠲᠤᠯ ᠦᠭᠡᠢ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠥᠪᠯᠡᠯ ᠤᠨ ᠱᠦᠵᠢ ᠼᠤᠤ ᡁᠢ ᠶᠦᠩ ᠤᠯᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠨᠢᠭᠤᠷᠳᠠᠨ ᠶᠠᠷᠢᠯᠴᠠᠵᠤ᠂ ᠬᠦᠷᠢᠶᠡᠯᠡᠩ ᠤᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠢ ᠬᠠᠮᠲᠤᠪᠠᠷ ᠵᠥᠪᠳᠡᠯᠴᠡᠪᠡ᠃       ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠦᠢᠯᠡᠳᠪᠦᠷᠢᠯᠡᠯ ᠡᠵᠡᠩᠨᠡᠯᠲᠡ᠂ ᠬᠦᠴᠦᠨ ᠵᠦᠢᠯ ᠤᠨ ᠪᠠᠲᠤᠯᠠᠭ᠎ᠠ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠪᠠᠷ ᠨᠢᠭᠡᠳ ᠨᠢᠭᠡ ᠪᠠᠷ ᠶᠠᠷᠢᠯᠴᠠᠵᠠᠢ᠃ ᠼᠤᠤ ᡁᠢ ᠶᠦᠩ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠦᠢᠯ ᠳᠠᠷᠠᠭᠠᠯᠠᠨ ᠬᠠᠷᠢᠭᠤᠯᠲᠠ ᠥᠭᠴᠦ᠂ ᠠᠵᠤ ᠠᠬᠤᠶᠢᠯᠠᠯ ᠲᠠᠢ ᠰᠢᠢᠳᠪᠦᠷᠢᠯᠡᠬᠦ ᠲᠥᠰᠦᠯ ᠢ ᠭᠦᠨᠵᠡᠭᠡᠢ ᠰᠤᠳᠤᠯᠤᠨ ᠶᠠᠷᠢᠯᠴᠠᠪᠠ᠃       ᠬᠤᠷᠠᠯ ᠠᠴᠠ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ ᠨᠠᠷᠢᠨ ᠲᠠᠩᠰᠠ ᠡᠬᠡ ᠲᠠᠩᠰᠠ ᠪᠠᠶᠢᠭᠤᠯᠤᠨ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠭᠦᠢᠴᠡᠳᠬᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ︽ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ᠂ ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ︾ ᠲᠣᠭᠲᠠᠴᠠ ᠶᠢ ᠬᠡᠷᠡᠭᠵᠢᠭᠦᠯᠵᠦ᠂ ᠭᠤᠮᠣᠳᠠᠯ ᠱᠠᠭᠠᠷᠳᠠᠯᠭ᠎ᠠ ᠶᠢ ᠰᠠᠶᠢᠲᠤᠷ ᠪᠦᠲᠦᠮᠵᠢᠲᠠᠢ ᠶᠢ ᠪᠠᠲᠤᠯᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃ ᠬᠦᠷᠢᠶᠡᠯᠡᠩ ᠲᠣᠭᠤᠷᠢᠭ ᠤᠨ ᠬᠦᠴᠦᠨ ᠵᠦᠢᠯ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠤᠰᠬᠠᠭᠰᠠᠨ ᠤᠰᠤ ᠴᠠᠬᠢᠯᠭᠠᠨ ᠠᠭᠤᠷ ᠬᠡᠢ ᠶᠢᠨ ᠬᠠᠩᠭᠠᠯᠭ᠎ᠠ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠳᠤᠲᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠠᠷᠠᠯᠵᠢᠶᠠᠴᠢᠨ ᠤᠷᠢᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠤᠳᠤ ᠪᠠᠶᠢᠭ᠎ᠠ ᠠᠵᠤ ᠠᠬᠤᠶᠢᠯᠠᠯ ᠤᠨ ᠠᠵᠢᠯ ᠲᠦᠷᠦᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠨ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠪᠣᠯᠤᠨ ᠬᠠᠮᠲᠤᠷᠠᠯᠴᠠᠭᠠᠨ ᠤ ᠲᠦᠷᠦᠯ ᠵᠦᠢᠯ ᠤᠨ ᠲᠠᠨᠢᠯᠴᠠᠭᠤᠯᠭ᠎ᠠ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠨᠡᠩ ᠤᠯᠠᠨ ᠰᠢᠯᠢᠳᠡᠭ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠨᠤᠲᠤᠭᠰᠢᠬᠤ ᠶᠢ ᠵᠣᠷᠢᠭᠵᠢᠭᠤᠯᠵᠤ᠂ ᠤᠯᠠᠭᠠᠨᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ 
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号