ᠡᠮᠴᠢ ᠶᠢᠨ ᠮᠤᠷᠠᠯ ᠡᠷᠬᠢᠮ ᠡᠮᠴᠢᠯᠡᠭᠡᠨ ᠤ ᠮᠡᠷᠭᠡᠵᠢᠯ ᠦᠨᠳᠤᠷ
ᠨᠡᠶᠢᠲᠡᠯᠡᠭᠰᠡᠨ ᠴᠠᠭ᠄
2025/6/23
        ᠣᠶᠢᠷ᠎ᠠ ᠶᠢᠨ ᠡᠳᠦᠷ᠂ ᠨᠢᠭᠡᠨ ᠡᠪᠡᠳᠴᠢᠲᠡᠨ ︽ᠡᠮᠴᠢ ᠶᠢᠨ ᠮᠤᠷᠠᠯ ᠡᠷᠬᠢᠮ ᠡᠮᠴᠢᠯᠡᠭᠡᠨ ᠤ ᠮᠡᠷᠭᠡᠵᠢᠯ ᠦᠨᠳᠤᠷ︾ ᠭᠡᠰᠡᠨ ᠬᠡᠮᠡᠷᠯᠢᠭ ᠲᠤᠭ ᠢ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠱᠧᠩᠯᠢ ᠨᠡᠶᠢᠭᠡᠮ ᠲᠣᠭᠤᠷᠢᠭ ᠬᠤᠪᠢᠶᠠᠷᠢ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠬᠤᠶᠠᠳᠤᠭᠠᠷ ᠰᠠᠯᠠᠭᠠᠨ ᠤ ᠱᠠᠨ ᠸᠧᠶ ᠡᠮᠴᠢ ᠳᠤ ᠬᠦᠷᠭᠡᠵᠦ᠂ ᠲᠠᠯᠠᠷᠬᠠᠯ ᠤᠨ ᠰᠡᠳᠬᠢᠯᠭᠡ ᠪᠠᠨ ᠢᠯᠡᠳᠭᠡᠭᠰᠡᠨ ᠪᠠᠶᠢᠨ᠎ᠠ᠃        ᠣᠶᠢᠯᠠᠭᠠᠭᠰᠠᠨ ᠢᠶᠠᠷ᠂ ᠡᠪᠡᠳᠴᠢᠲᠡᠨ ᠾᠧ ᠤᠪᠤᠬᠳᠦ ᠨᠢ ᠰᠢᠬᠢᠷ ᠰᠢᠵᠢᠩ ᠡᠪᠡᠳᠴᠢᠨ ᠠᠴᠠ ᠪᠣᠯᠵᠣ ᠤᠯᠠᠨᠳᠠ ᠡᠮᠨᠡᠯᠭᠡ ᠶᠢᠨ ᠬᠤᠷᠢᠶᠠᠨ ᠳᠤ ᠬᠦᠷᠴᠦ ᠡᠮᠴᠢᠯᠡᠬᠦᠯᠦᠭᠰᠡᠨ ᠪᠤᠯᠪᠠᠴᠦ ᠢᠯᠡᠷᠢ ᠪᠤᠯᠤᠬᠰᠠᠨ ᠦᠭᠡᠢ᠃ ᠪᠤᠰᠤᠤᠨ ᠤᠨ ᠳᠠᠨᠢᠯᠴᠠᠭᠤᠯᠭ᠎ᠠ ᠪᠠᠷ ᠲᠡᠷᠡ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠱᠧᠩᠯᠢ ᠨᠡᠶᠢᠭᠡᠮ ᠲᠣᠭᠤᠷᠢᠭ ᠬᠤᠪᠢᠶᠠᠷᠢ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠬᠤᠶᠠᠳᠤᠭᠠᠷ ᠰᠠᠯᠠᠭ᠎ᠠ ᠶᠢᠨ ᠱᠠᠨ ᠸᠧᠢ ᠡᠮᠴᠢ ᠪᠠᠷ ᠡᠮᠴᠢᠯᠡᠬᠦᠯᠦᠭᠰᠡᠨ ᠪᠠᠶᠢᠯ᠎ᠠ᠃ ᠱᠠᠨ ᠸᠧᠢ ᠡᠮᠴᠢ ᠾᠧ ᠤᠪᠤᠬᠳᠦ ᠶᠢᠨ ᠡᠪᠡᠳᠴᠢᠨ ᠤ ᠪᠠᠶᠢᠳᠡᠯ ᠳᠤ ᠨᠠᠷᠢᠨ ᠨᠢᠭᠲᠠ ᠪᠠᠶᠢᠴᠠᠭᠠᠯᠲᠠ ᠬᠢᠬᠦ ᠶᠢᠨ ᠬᠠᠮᠳᠦ ᠬᠢᠳᠡᠳ ᠡᠮ ᠡᠮᠨᠡᠯᠭᠡ ᠪᠠᠷ ᠡᠮᠴᠢᠯᠡᠨ ᠵᠠᠰᠠᠬᠰᠠᠨ ᠪᠠᠶᠢᠨ᠎ᠠ᠃ ᠳᠡᠭᠡᠭᠡᠳ ᠭᠡᠳᠦ ᠤᠳᠠᠭᠠᠨ ᠤ ᠵᠠᠰᠠᠯᠳᠠ ᠪᠠᠷ ᠳᠠᠮᠵᠢᠨ ᠡᠪᠡᠳᠴᠢᠳᠡᠨ ᠤ ᠡᠪᠡᠳᠴᠢᠨ ᠤ ᠪᠠᠶᠢᠳᠡᠯ ᠨᠢ ᠮᠡᠳᠡᠭᠳᠡᠮ᠎ᠠ ᠢᠯᠡᠷᠢ ᠪᠤᠯᠵᠦ᠂ ᠴᠢᠰᠤᠨ ᠰᠢᠬᠢᠷ ᠤᠨ ᠭᠡᠮᠵᠢᠶ᠎ᠠ ᠨᠢ ᠳᠤᠬᠳᠠᠭᠤᠨ ᠪᠤᠯᠵᠠᠢ᠃ ᠡᠶᠢᠮᠦ ᠠᠴᠠ ᠾᠧ ᠤᠪᠤᠭᠳᠦ ᠶᠢᠨ ᠭᠡᠷ ᠤᠨ ᠬᠦᠮᠦᠰ ᠨᠢ ᠲᠤᠰᠬᠠᠶᠢᠯᠠᠨ ᠬᠡᠮᠡᠷᠯᠢᠭ ᠲᠤᠭ ᠬᠦ᠋ᠷᠭᠡᠨ ᠱᠠᠨ ᠸᠧᠶ ᠡᠮᠴᠢ ᠳᠤ ᠳᠠᠯᠠᠷᠬᠠᠯ ᠤᠨ ᠰᠡᠳᠬᠢᠯᠭᠡ ᠪᠠᠨ ᠢᠯᠡᠳᠭᠡᠵᠠᠢ᠃        ︽ᠡᠨᠡᠬᠦ ᠬᠡᠮᠡᠷᠯᠢᠭ ᠲᠤᠭ ᠪᠣᠯ ᠮᠠᠨ ᠤ ᠠᠵᠢᠯ ᠳᠤ ᠲᠠᠯᠪᠢᠭᠰᠠᠨ ᠱᠠᠭᠠᠷᠳᠠᠯᠭ᠎ᠠ ᠪᠠ ᠵᠣᠷᠢᠭᠵᠢᠭᠤᠯᠤᠯ ᠪᠤᠯᠤᠨ᠎ᠠ᠂ ᠮᠦᠨ ᠴᠤ ᠪᠠᠰᠠ ᠡᠷᠡᠮᠡᠭᠡᠶᠢᠯᠡᠨ ᠤᠷᠤᠬᠰᠢᠯᠠᠬᠤ ᠶᠢᠨ ᠬᠥᠳᠡᠯᠭᠡᠬᠦ ᠬᠦᠴᠦᠨ ᠮᠦᠨ ᠁︾ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠱᠧᠩᠯᠢ ᠨᠡᠶᠢᠭᠡᠮ ᠲᠣᠭᠤᠷᠢᠭ ᠬᠤᠪᠢᠶᠠᠷᠢ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠬᠤᠶᠠᠳᠤᠭᠠᠷ ᠰᠠᠯᠠᠭᠠᠨ ᠤ ᠱᠠᠨ ᠸᠧᠢ ᠡᠮᠴᠢ ᠶᠠᠷᠢᠵᠦ ᠪᠠᠶᠢᠯ᠎ᠠ᠃ ᠠᠷᠢᠭᠤᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号