ᠬᠢᠩᠭᠠᠨ ᠠᠶᠢᠮᠠᠭ ᠤᠨ ᠲᠤᠰᠬᠤᠨ ᠤ ᠲᠡᠰ ᠤᠨ ᠭᠡᠷᠡᠯᠴᠢ ᠴᠡᠨᠡᠭ ᠤᠨ 40 ᠴᠠᠬᠢᠯᠭᠠᠨ ᠦᠷᠳᠡᠭᠡ ᠪᠦᠬᠦ ᠲᠠᠯ᠎ᠠ ᠪᠠᠷ ᠪᠠᠷᠢᠯᠭ᠎ᠠ ᠲᠠᠭᠤᠰᠴᠦ ᠠᠰᠢᠭᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2025/6/24
        ᠤᠶᠢᠷ᠎ᠠ ᠳᠤ᠂ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ ︵ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠤᠪᠴᠢᠶ᠎ᠠ︶ ᠠᠴᠠ ᠤᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠶᠡᠷᠦᠩᠬᠡᠢ ᠪᠡᠯᠡ ᠣᠷᠣᠭᠤᠯᠤᠯᠲᠠ ᠨᠢ 5.96 ᠳ᠋ᠦᠩᠰᠢᠭᠤᠷ ᠲᠥᠭᠦᠷᠢᠭ ᠬᠦᠷᠬᠦ᠂ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠡ ᠨᠢ 15.06 ᠲᠦᠮᠡᠨ ᠺᠢᠯᠣᠸᠠᠲ ᠲᠤ ᠬᠦᠷᠦᠭᠰᠡᠨ ᠲᠣᠰᠬᠤᠨ ᠤ ᠲᠡᠰ ᠤᠨ 40 ᠭᠡᠷᠡᠯᠴᠢ ᠴᠡᠨᠡᠭ ᠤᠨ ᠴᠠᠬᠢᠯᠭᠠᠨ ᠦᠷᠳᠡᠭᠡ ᠶᠢ ᠨᠢᠭᠡᠨᠲᠡ ᠪᠦᠬᠦ ᠲᠠᠯ᠎ᠠ ᠪᠠᠷ ᠪᠠᠶᠢᠭᠤᠯᠵᠤ ᠳᠠᠭᠤᠰᠬᠠᠭᠰᠠᠨ ᠪᠥᠭᠡᠳ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠪᠦᠬᠦ ᠠᠶᠢᠮᠠᠭ ᠤᠨ 6 ᠬᠤᠰᠢᠭᠤ ᠰᠢᠶᠠᠨ ᠬᠤᠳᠠ ᠳᠤ ᠠᠰᠢᠭ ᠬᠦᠷᠲᠡᠭᠡᠬᠦ ᠡᠨᠡᠬᠦ ᠪᠣᠬᠢᠷᠲᠤᠯ ᠦᠬᠡᠢ ᠡᠨᠧᠷᠭᠢ ᠶᠢᠨ ᠢᠨᠵᠧᠨᠧᠷᠢᠩ ᠨᠢ ᠬᠢᠩᠭᠠᠨ ᠠᠶᠢᠮᠠᠭ ᠤᠨ ᠰᠢᠨ᠎ᠡ ᠡᠨᠧᠷᠭᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠯᠠᠪᠳᠠᠭᠤᠨ ᠪᠠᠳᠤᠳᠠᠢ ᠨᠢᠭᠡ ᠠᠯᠬᠤᠮ ᠠᠯᠬᠤᠭᠰᠠᠨ ᠢ ᠬᠠᠷᠠᠭᠤᠯᠵᠦ ᠪᠠᠶᠢᠨ᠎ᠠ᠃        ᠤᠢᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠠᠴᠠ ᠲᠣᠰᠬᠤᠨ ᠤ ᠲᠡᠰ ᠤᠨ ᠬᠡᠷᠡᠯᠴᠢ ᠴᠡᠨᠡᠭ ᠤᠨ ᠴᠠᠬᠢᠯᠭᠠᠨ ᠦᠷᠳᠡᠭᠡ ᠶᠢᠨ ᠲᠦᠷᠦᠯ ᠵᠦᠢᠯ ᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠨ ᠬᠦᠴᠦᠲᠡᠢ ᠠᠬᠢᠭᠤᠯᠪᠠ᠃ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠂ ᠬᠤᠷᠢᠭ᠎ᠠ ᠱᠤᠭᠤᠮ ᠤᠨ ᠰᠡᠳᠭᠢᠬᠦᠢ ᠪᠠᠷ ᠶᠠᠰᠤ ᠴᠢᠨᠠᠷ ᠢ ᠪᠠᠲᠤᠯᠠᠵᠤ᠂ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠪᠠᠷ ᠦᠷ᠎ᠡ ᠪᠦᠲᠦᠭᠡᠯ ᠢ ᠰᠢᠯᠭᠠᠵᠤ᠂ ᠠᠰᠢᠭᠯᠠᠯᠳᠠ ᠳᠤ ᠤᠷᠤᠭᠤᠯᠬᠤ ᠬᠠᠷᠠᠯᠳᠠ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠶᠢ ᠪᠠᠳᠤᠯᠠᠵᠦ᠂ ᠰᠢᠨ᠎ᠡ ᠡᠨᠤᠷᠬᠢ ᠪᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠢᠩᠭᠠᠨ ᠤ ᠵᠠᠭᠪᠤᠷ ᠢ ᠬᠠᠩᠭᠠᠪᠠ᠃        ᠲᠥᠰᠦᠭᠡᠯᠡᠨ ᠪᠤᠳᠤᠭᠰᠠᠨ ᠢᠶᠠᠷ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ ᠵᠢᠯ ᠳᠤᠮᠳᠠᠴᠢ ᠶᠢᠨ ᠴᠠᠬᠢᠯᠭᠠᠨ ᠭᠠᠷᠭᠠᠬᠤ ᠬᠡᠮᠵᠢᠶ᠎ᠡ 2.4 ᠳ᠋ᠦᠩᠰᠢᠭᠤᠷ ᠺᠢᠯᠣᠸᠠᠲ ᠴᠠᠭ ᠬᠦᠷᠴᠦ᠂ ᠦᠪᠦᠷ ᠮᠤᠩᠭᠤᠯ ᠤᠷᠤᠨ ᠤ 0.3035 ᠲᠦᠭᠦᠷᠢᠭ / ᠺᠢᠯᠣᠸᠠᠲ ᠴᠠᠭ ᠤᠨ ᠬᠡᠷᠡᠯᠴᠢ ᠴᠡᠨᠡᠭ ᠤᠨ ᠲᠣᠤᠷ ᠲᠤ ᠣᠷᠣᠭᠤᠯᠬᠤ ᠴᠠᠬᠢᠯᠭᠠᠨ ᠤ ᠦᠨ᠎ᠡ ᠪᠠᠷ ᠪᠤᠳᠤᠪᠠᠯ᠂ ᠵᠢᠯ ᠤᠨ ᠠᠰᠢᠭ ᠤᠷᠤᠯᠭ᠎ᠠ ᠨᠢ 7000 ᠲᠦᠮᠡᠨ ᠲᠥᠭᠦᠷᠢᠭ ᠢ ᠳᠠᠪᠠᠭ᠋ᠤ ᠪᠣᠯᠤᠨ᠎ᠠ᠃ ᠲᠣᠰ ᠠᠰᠢᠭ ᠣᠷᠣᠯᠭ᠎ᠠ ᠨᠢ 15061 ᠬᠦᠮᠦᠨ ᠤ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠰᠢᠭᠤᠳ ᠲᠠᠶᠢᠴᠢᠯᠠᠬᠤ ᠶᠢᠨ ᠬᠠᠮᠳᠦ 260 ᠭᠠᠴᠠᠭ᠎ᠠ ᠲᠤᠰᠬᠤᠨ ᠤ ᠵᠢᠯ ᠲᠤᠮᠳᠠᠴᠢ ᠨᠡᠶᠢᠳᠡ ᠶᠢᠨ ᠠᠵᠦ ᠠᠬᠤᠢ ᠶᠢᠨ ᠤᠷᠤᠯᠭ᠎ᠠ ᠶᠢᠨ ᠨᠡᠮᠡᠭᠳᠡᠯ ᠢ 20 ᠲᠦᠮᠡᠨ ᠲᠦᠭᠦᠷᠢᠭ ᠲᠤ ᠬᠦᠷᠭᠡᠬᠦ ᠪᠤᠯᠤᠨ᠎ᠠ᠃        2017 ᠣᠨ ᠠᠴᠠ ᠡᠬᠢᠯᠡᠨ᠂ ᠬᠢᠩᠭᠠᠨ ᠠᠶᠢᠮᠠᠭ ᠬᠡᠷᠡᠯᠴᠢ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ᠲᠥᠪᠯᠡᠷᠡᠩᠭᠦᠶ ᠮᠠᠶ᠋ᠢᠭ ᠤᠨ 7 ᠴᠠᠬᠢᠯᠭᠠᠨ ᠥᠷᠲᠡᠭᠡ ᠪᠠ ᠲᠣᠰᠬᠤᠨ ᠤ ᠲᠠᠰ ᠤᠨ 34 ᠴᠠᠬᠢᠯᠭᠠᠨ ᠥᠷᠲᠡᠭᠡ ᠪᠠᠶᠢᠭᠤᠯᠬᠤ ᠪᠠᠷ ᠳᠡᠮᠵᠢᠨ᠂ ᠶᠡᠷᠦᠩᠭᠡᠢ ᠮᠠᠰᠢᠨ ᠴᠤᠭᠴᠠᠯᠠᠪᠤᠷᠢ ᠨᠢ 39.57 ᠲᠦᠮᠡᠨ ᠺᠢᠯᠤᠸᠠᠲ ᠬᠦᠷᠬᠦ᠂ ᠶᠡᠷᠦᠩᠭᠡᠢ ᠪᠡᠯᠡ ᠤᠷᠤᠭᠤᠯᠤᠯᠳᠠ ᠨᠢ 28.36 ᠳ᠋ᠦᠩᠰᠢᠭᠤᠷ ᠲᠥᠭᠦᠷᠢᠭ ᠲᠤ ᠬᠦᠷᠬᠦ ᠠᠵᠦ ᠦᠢᠯᠡᠰ ᠤᠨ ᠪᠠᠶᠢᠷᠢᠰᠢᠯ ᠢ ᠪᠤᠢ ᠪᠤᠯᠭᠠᠪᠠ᠃ ᠲᠥᠷᠥᠯ ᠵᠦᠢᠯ ᠤᠨ ᠵᠢᠯ ᠪᠦᠷᠢ ᠶᠢᠨ ᠡᠭᠦᠳᠦᠭᠰᠡᠨ ᠶᠡᠷᠦᠩᠬᠡᠶ ᠠᠰᠢᠭ ᠣᠷᠣᠯᠭ᠎ᠠ ᠨᠢ ᠪᠠᠷᠤᠭ 2 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ ᠶᠢᠨ 565 ᠭᠠᠴᠠᠭ᠎ᠠ ᠲᠤᠰᠬᠤᠨ ᠢ ᠬᠠᠮᠤᠷᠴᠦ᠂ ᠨᠡᠶᠢᠳᠡ ᠶᠢᠨ ᠠᠵᠦ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠬᠤ ᠳᠤ ᠬᠦᠴᠦᠨ ᠨᠡᠮᠡᠷᠢᠯᠡᠪᠡ᠃ ᠡᠨᠡ ᠨᠢ ᠠᠵᠦ ᠦᠢᠯᠡᠰ ᠢᠶᠠᠷ ᠬᠠᠪᠰᠤᠷᠤᠨ ᠲᠡᠳᠬᠦᠬᠦ ᠰᠢᠨ᠎ᠡ ᠬᠡᠯᠪᠡᠷᠢ ᠶᠢ ᠡᠬᠦᠳᠦᠭᠰᠡᠨ ᠮᠥᠷᠳᠡᠬᠡᠨ 3.4 ᠲᠦᠮᠡᠨ ᠶᠠᠳᠠᠭᠤ ᠠᠴᠠ ᠠᠩᠬᠢᠵᠢᠷᠠᠭᠰᠠᠨ ᠡᠷᠦᠭᠡ ᠶᠢᠨ ᠤᠷᠤᠯᠭ᠎ᠠ ᠶᠢᠨ ᠲᠤᠭᠳᠠᠭᠤᠨ ᠨᠡᠮᠡᠭᠳᠡᠯ ᠢ ᠰᠢᠭᠤᠳ ᠲᠠᠶᠢᠴᠢᠯᠠᠵᠥ ᠡᠷᠦᠭᠡ ᠪᠦᠷᠢ ᠶᠢᠨ ᠵᠢᠯ ᠲᠤᠮᠳᠠᠴᠢ ᠤᠷᠤᠯᠭ᠎ᠠ ᠶᠢ 3000 ᠲᠦᠭᠦᠷᠢᠭ ᠠᠴᠠ ᠲᠡᠭᠡᠭᠰᠢ ᠨᠡᠮᠡᠭᠳᠡᠬᠦᠯᠬᠦ ᠪᠤᠯᠤᠨ᠎ᠠ᠃ ︵ᠲᠤᠯᠭᠠᠭᠤᠷᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号