ᠪᠦᠬᠦ ᠤᠯᠤᠰ ᠤᠨ ᠠᠮᠦ ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠳᠠ ᠶᠢ ᠲᠡᠭᠡᠭᠰᠢᠯᠡᠬᠦᠯᠬᠦ ᠮᠡᠷᠭᠡᠵᠢᠯ ᠪᠠ ᠲᠤᠨᠤᠭ ᠲᠦᠬᠦᠭᠡᠷᠦᠮᠵᠢ ᠶᠢᠨ ᠪᠤᠯᠪᠠᠰᠤᠷᠠᠯ ᠤᠨ ᠬᠤᠷᠠᠯ ᠬᠢᠩᠭᠠᠨ ᠠᠶᠢᠮᠠᠭ ᠲᠤ ᠶᠠᠪᠤᠭᠳᠠᠵᠠᠢ
ᠨᠡᠶᠢᠲᠡᠯᠡᠭᠰᠡᠨ ᠴᠠᠭ᠄
2025/6/24
        6 ᠰᠠᠷ᠎ᠠ ᠶᠢᠨ 18 ᠤ ᠡᠳᠦᠷ᠂ ᠪᠦᠬᠦ ᠤᠯᠤᠰ ᠤᠨ ᠠᠮᠤ ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠪᠣᠯᠤᠨ ᠲᠤᠨᠤᠭ ᠲᠥᠬᠦᠭᠡᠷᠦᠮᠵᠢ ᠶᠢᠨ ᠪᠣᠯᠪᠠᠰᠤᠷᠠᠯ ᠤᠨ ᠬᠤᠷᠠᠯ ᠬᠢᠩᠭᠠᠨ ᠠᠶᠢᠮᠠᠭ ᠲᠤ ᠶᠠᠪᠤᠭᠳᠠᠪᠠ᠃ ᠲᠤᠰ ᠤᠳᠠᠭᠠᠨ ᠤ ᠪᠤᠯᠪᠠᠰᠤᠷᠠᠯ ᠢ ᠪᠦᠬᠦ ᠤᠯᠤᠰ ᠤᠨ ᠲᠠᠷᠢᠶᠠᠯᠠᠩ ᠤᠨ ᠮᠡᠷᠭᠡᠵᠢᠯ ᠢ ᠲᠡᠯᠭᠡᠷᠡᠬᠦᠯᠬᠦ ᠦᠢᠯᠡᠴᠢᠯᠡᠭᠡᠨ ᠤ ᠲᠦᠪ ᠪᠠ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠲᠠᠷᠢᠶᠠᠯᠠᠩ ᠤᠨ ᠮᠧᠬᠠᠨᠢᠭᠵᠢᠯᠲᠠ ᠶᠢᠨ ᠶᠡᠷᠦᠩᠬᠡᠶ ᠥᠷᠲᠡᠭᠡ ᠲᠠᠢ ᠬᠠᠮᠲᠤᠷᠠᠨ ᠡᠷᠬᠢᠯᠡᠵᠦ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠵᠠᠭᠤ ᠭᠠᠷᠤᠶ ᠲᠤᠰᠬᠠᠢ ᠮᠡᠷᠭᠡᠵᠢᠯᠳᠡᠨ ᠡᠷᠳᠡᠮᠳᠡᠨ ᠪᠤᠯᠤᠨ ᠠᠵᠦ ᠠᠬᠤᠶᠢᠯᠠᠯ ᠤᠨ ᠲᠦᠯᠦᠭᠡᠯᠡᠭᠴᠢ ᠤᠷᠤᠯᠴᠠᠵᠦ᠂ ᠬᠠᠮᠳᠦᠪᠡᠷ ᠠᠮᠤ ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠶ ᠶᠢᠨ ᠤᠨᠠᠯᠲᠠ ᠶᠢ ᠶᠡᠬᠡᠪᠡᠷ ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠵᠠᠢ᠃        ᠪᠣᠯᠪᠠᠰᠤᠷᠠᠯ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠤᠭᠴᠢ ᠯᠢ ᠱᠤᠤ ᠺᠦᠨ ︽ᠡᠷᠳᠡᠨᠢ ᠰᠢᠰᠢ ᠶᠢ ᠨᠢᠭᠲᠠ ᠳᠠᠷᠢᠵᠦ ᠤᠨᠢᠨ ᠳᠡᠭᠡᠷ᠎ᠡ ᠨᠢ ᠲᠤᠬᠢᠷᠠᠭᠤᠯᠤᠨ ᠡᠵᠡᠮᠳᠡᠬᠦ ᠥᠨᠳᠥᠷ ᠤᠨᠠᠯᠲᠠ ᠶᠢᠨ ᠮᠡᠷᠭᠡᠵᠢᠯ︾ ᠤᠨ ᠲᠠᠶᠢᠯᠤᠮᠵᠢ ᠬᠢᠵᠦ᠂ ︽ᠨᠢᠭᠲᠠ ᠳᠠᠷᠢᠬᠤ + ᠳᠤᠰᠤᠯᠭᠠᠨ ᠤᠰᠤᠯᠠᠬᠤ + ᠤᠨᠢᠨ ᠳᠡᠭᠡᠷ᠎ᠡ ᠨᠢ ᠲᠤᠬᠢᠷᠠᠭᠤᠯᠤᠨ ᠡᠵᠡᠮᠳᠡᠬᠦ︾ ᠪᠠᠷ ᠭᠤᠣᠯ ᠪᠣᠯᠭᠠᠭᠰᠠᠨ ᠮᠡᠷᠭᠡᠵᠢᠯ ᠤᠨ ᠲᠥᠰᠦᠯ ᠢ ᠳᠤᠷᠠᠳᠴᠤ᠂ ᠰᠢᠨᠵᠢᠯᠡᠬᠦ ᠤᠬᠠᠭᠠᠨᠴᠢ ᠪᠠᠷ ᠡᠷᠳᠡᠨᠢ ᠰᠢᠰᠢ ᠶᠢᠨ ᠲᠠᠷᠢᠮᠠᠯ ᠤᠨ ᠨᠢᠭᠲᠠᠴᠠ ᠶᠢ ᠳᠡᠭᠡᠭᠰᠢᠯᠡᠭᠦᠯᠬᠦ ᠪᠠᠷ ᠳᠠᠮᠵᠢᠭᠤᠯᠵᠤ᠂ ᠡᠷᠳᠡᠨᠢ ᠰᠢᠰᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠲᠡᠩᠴᠡᠭᠦᠷᠢᠲᠡᠢ ᠨᠡᠮᠡᠭᠳᠡᠭᠦᠯᠬᠦ ᠶᠢ ᠪᠡᠶᠡᠯᠡᠭᠦᠯᠬᠦ ᠶᠢ ᠵᠤᠷᠢᠵᠠᠢ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠶᠠᠩ ᠯᠢ ︽ᠡᠷᠳᠡᠨᠢ ᠰᠢᠰᠢ ᠶᠢ ᠴᠢᠨᠠᠷ ᠰᠠᠶᠢᠲᠠᠢ ᠲᠠᠷᠢᠬᠤ ᠪᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ︾ ᠲᠣᠭᠤᠷᠢᠨ ᠳᠤ ᠲᠤᠰᠬᠠᠢ ᠰᠡᠳᠦᠪᠲᠦ ᠲᠠᠶᠢᠯᠤᠮᠵᠢ ᠬᠢᠵᠦ ᠂ ᠲᠠᠷᠢᠬᠤ ᠵᠠᠩᠭᠢᠯᠠᠭ᠎ᠠ ᠶᠢᠨ ᠭᠤᠭᠴᠤᠭ᠎ᠠ ᠶᠢᠨ ᠮᠡᠷᠭᠡᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠬᠠᠮᠠᠭᠠᠯᠠᠯᠲᠠ ᠶᠢᠨ ᠭᠠᠵᠠᠷ ᠤᠨ ᠰᠤᠳᠤᠯᠤᠭᠴᠢ ᠶᠠᠨ ᠰᠢᠶᠤᠤ ᠵᠢᠩ ︽ᠠᠮᠤ ᠪᠤᠳᠠᠭᠠᠨ ᠤ ᠲᠠᠷᠢᠮᠠᠯ ᠳᠤ ︿ᠨᠢᠭᠡ ᠤᠳᠠᠭ᠎ᠠ ᠰᠦᠷᠴᠢᠪᠡᠯ ᠤᠯᠠᠨ ᠲᠠᠯ᠎ᠠ ᠠᠴᠠ ᠠᠬᠢᠭᠤᠯᠬᠤ﹀ ᠲᠠᠷᠢᠶᠠᠯᠠᠩ ᠤᠨ ᠡᠮ ᠬᠡᠷᠡᠭᠯᠡᠬᠦ ᠮᠡᠷᠭᠡᠵᠢᠯ ᠪᠤᠯᠤᠨ ᠲᠤᠨᠤᠭᠯᠠᠯ︾ ᠢ ᠤᠯᠠᠨ ᠲᠠᠯ᠎ᠠ ᠪᠠᠷ ᠠᠬᠢᠭᠤᠯᠬᠤ ᠲᠤᠬᠠᠢ ᠬᠢᠴᠢᠶᠡᠯ ᠤᠷᠤᠪᠠ᠃ ᠪᠥᠬᠦ ᠤᠯᠤᠰ ᠤᠨ ᠲᠠᠷᠢᠶᠠᠯᠠᠩ ᠤᠨ ᠮᠡᠷᠭᠡᠵᠢᠯ ᠤᠨ ᠲᠥᠪ ᠤᠨ ᠶᠡᠷᠦᠩᠬᠡᠶ ᠲᠠᠷᠢᠶᠠᠯᠠᠩ ᠤᠨ ᠮᠡᠷᠭᠡᠵᠢᠯᠲᠡᠨ ᠸᠠᠩ ᠵᠢᠶ ᠵᠢᠶᠦ᠋ᠨ ᠪᠤᠯᠪᠠᠰᠤᠷᠠᠯ ᠤᠨ ᠠᠭᠤᠯᠭ᠎ᠠ ᠳᠤ ᠳ᠋ᠦᠩᠨᠡᠯᠲᠡ ᠬᠢᠭᠰᠡᠨ ᠪᠥᠭᠡᠳ ᠠᠮᠤ ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠬᠦ ᠲᠤᠬᠠᠶ ᠪᠠᠷᠠᠭᠠᠯᠠᠯ ᠳᠤᠷᠠᠳᠴᠠᠶ᠃        ᠪᠣᠯᠪᠠᠰᠤᠷᠠᠯ ᠤᠨ ᠬᠤᠭᠤᠴᠠᠭᠠᠨ ᠳᠤ᠂ ᠪᠤᠳᠠᠳᠠᠢ ᠭᠠᠵᠠᠷ ᠢᠶᠠᠷ ᠲᠤᠭᠤᠷᠢᠨ ᠦᠵᠡᠬᠦ ᠭᠤᠭᠴᠤᠭ᠎ᠠ ᠲᠤᠬᠢᠷᠠᠭᠤᠯᠵᠦ᠂ ᠬᠤᠷᠠᠯ ᠳᠤ ᠣᠷᠣᠯᠴᠠᠭᠰᠠᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠴᠢᠬᠢ ᠶᠢ ᠦᠵᠡᠵᠦ ᠪᠣᠷᠲᠣᠭᠤᠷ ᠰᠣᠩᠭᠤᠬᠤ︾ ᠪᠣᠷᠳᠣᠭᠤᠷ ᠤᠨ ᠠᠰᠢᠭᠯᠠᠮᠵᠢ ᠶᠢᠨ ᠬᠠᠷᠢᠴᠠᠭᠤᠯᠤᠯ ᠤᠨ ᠲᠤᠷᠰᠢᠯᠲᠠ ᠶᠢᠨ ᠣᠷᠣᠨ᠂ ᠠᠮᠤ ᠪᠤᠳᠠᠭᠠᠨ ᠤ ᠨᠢᠭᠡᠴᠢ ᠲᠠᠯᠠᠪᠠᠶ ᠶᠢᠨ ᠤᠨᠠᠯᠲᠠ ᠶᠢ ᠳᠡᠭᠡᠭᠰᠢᠯᠡᠭᠦᠯᠬᠦ ᠣᠲᠣ ᠦᠶ᠎ᠡ ᠶᠢᠨ ᠲᠠᠷᠢᠶᠠᠯᠠᠩ ᠤᠨ ᠮᠠᠰᠢᠨᠴᠢᠯᠠᠯᠲᠠ ᠶᠢ ᠳᠡᠯᠭᠡᠷᠡᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠵᠢᠴᠢ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠤᠨ ᠮᠠᠰᠢᠨ ᠵᠡᠷᠭᠡ ᠭᠠᠵᠠᠷ ᠤᠷᠤᠨ ᠢᠶᠠᠷ ᠬᠦᠨᠵᠡᠭᠡᠶᠢᠷᠡᠨ ᠰᠢᠨᠵᠢᠯᠡᠨ ᠪᠠᠶᠢᠴᠠᠭᠠᠯᠳᠠ ᠬᠢᠵᠦ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠶᠢ ᠠᠵᠤ ᠦᠢᠯᠡᠰᠵᠢᠭᠦᠯᠬᠦ᠂ ᠤᠰᠤ ᠪᠤᠷᠳᠤᠭᠤᠷ ᠢ ᠨᠢᠭᠡ ᠴᠤᠭᠴᠠᠵᠢᠭᠤᠯᠬᠤ ᠥᠨᠳᠥᠷ ᠪᠦᠲᠦᠮᠵᠢᠲᠡᠢ ᠲᠠᠷᠢᠮᠠᠯ ᠤᠨ ᠵᠠᠭᠪᠤᠷ ᠵᠡᠷᠭᠡ ᠲᠡᠷᠢᠭᠦᠨ ᠤ ᠮᠡᠷᠭᠡᠵᠢᠯ ᠪᠣᠯᠤᠨ ᠦᠢᠯᠡᠳᠦᠯᠭᠡ ᠶᠢᠨ ᠦᠷ᠎ᠡ ᠪᠦᠲᠦᠭᠡᠯ ᠢ ᠰᠢᠭᠤᠳ ᠣᠶᠢᠯᠠᠭᠠᠬᠤ ᠶᠢᠨ ᠬᠠᠮᠲᠤ ᠠᠮᠤ ᠪᠤᠳᠠᠭᠠᠨ ᠤ ᠲᠠᠷᠢᠮᠠᠯ ᠤᠨ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠷᠰᠢᠯᠭ᠎ᠠ ᠶᠢᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠥᠷᠨᠢᠭᠦᠯᠵᠡᠢ᠃ ︵ᠰᠦᠨ ᠰᠢᠨ ᠢᠤᠢ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号