| 1. ᠡᠮᠡᠭᠲᠡᠶᠢᠴᠦᠳ ᠨᠢ ᠡᠷᠡᠭᠲᠡᠶᠢᠴᠦᠳ ᠠᠴᠠ ᠢᠯᠡᠭᠦᠦ ᠲᠡᠮᠦᠷ ᠱᠠᠭᠠᠷᠳᠠᠳᠠᠭ᠃ ᠮᠢᠬᠠᠨ ᠤ ᠵᠦᠢᠯ ᠪᠣᠯ | ᠴᠢᠰᠤᠨ ᠤᠯᠠᠭᠠᠨ ᠡᠳ᠋ ᠠᠭᠤᠯᠤᠭᠰᠠᠨ ᠲᠡᠮᠦᠷ ᠨᠡᠯᠢᠶᠡᠳ ᠡᠯᠪᠡᠭ ᠢᠳᠡᠭᠡᠨ ᠮᠦᠨ᠃ | 2. ᠮᠢᠬ᠎ᠠ ᠢᠳᠡᠬᠦ ᠦᠭᠡᠢ ᠪᠣᠯ ᠸᠢᠲ᠋ᠠᠮᠢᠨ B12 ᠳᠤᠲᠠᠬᠤ ᠪᠣᠯᠤᠨ᠎ᠠ᠃ ᠸᠢᠲ᠋ᠠᠮᠢᠨ B12 ᠳᠤᠲᠠᠪᠠᠯ | ᠬᠥᠮᠦᠨ ᠤ ᠮᠡᠳᠡᠷᠡᠯ ᠤᠨ ᠰᠢᠰᠲ᠋ᠧᠮ ᠳᠤ ᠠᠰᠠᠭᠤᠳᠠᠯ ᠭᠠᠷᠴᠤ ᠮᠡᠳᠡᠨ᠎ᠡ᠃ | 3. ᠪᠤᠯᠴᠢᠩ ᠤᠨ ᠴᠢᠳᠠᠪᠤᠷᠢ ᠠᠯᠳᠠᠭᠳᠠᠬᠤ ᠶᠢ ᠰᠡᠷᠬᠡᠶᠢᠯᠡᠨ᠎ᠠ᠃ ᠬᠡᠷᠪᠡ ᠮᠢᠬ᠎ᠠ ᠢᠳᠡᠬᠦ ᠦᠭᠡᠢ ᠪᠤᠶᠤ | ᠮᠢᠬ᠎ᠠ ᠶᠢᠨ ᠵᠦᠢᠯ ᠢ ᠭᠦᠢᠴᠡᠳ ᠢᠳᠡᠬᠦ ᠦᠭᠡᠢ ᠪᠣᠯ ᠤᠭᠤᠷᠠᠭ ᠤᠨ ᠰᠢᠩᠭᠡᠭᠡᠯᠲᠡ ᠶᠢ ᠰᠢᠭᠤᠳ ᠨᠥᠯᠥᠭᠡᠯᠡᠬᠦ ᠶᠢᠨ | ᠤᠯᠠᠮ ᠢᠶᠠᠷ ᠪᠤᠯᠴᠢᠩ ᠤᠨ ᠨᠡᠶᠢᠯᠡᠯᠭᠡ ᠶᠢ ᠨᠥᠯᠥᠭᠡᠯᠡᠨ᠎ᠡ᠃ | 4. ᠮᠢᠬ᠎ᠠ ᠢᠳᠡᠪᠡᠯ ᠶᠠᠰᠤ ᠪᠡᠷᠲᠡᠬᠦ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ᠮᠢᠬᠠᠨ ᠤ ᠳᠣᠲᠣᠷᠠᠬᠢ | ᠤᠭᠤᠷᠠᠭ᠂ ᠮᠠᠭᠨᠢ᠂ ᠹᠣᠰᠹᠣᠷ ᠵᠡᠷᠭᠡ ᠰᠢᠮ᠎ᠡ ᠲᠡᠵᠢᠭᠡᠯ ᠨᠢ ᠠᠷᠤᠭ ᠶᠠᠰᠤᠨ ᠤ ᠡᠷᠡᠭᠦᠯ ᠮᠡᠨᠳᠦ ᠶᠢ ᠬᠠᠮᠠᠭᠠᠯᠠᠬᠤ ᠳᠤ | ᠠᠰᠢᠭᠲᠠᠶ᠃ | ᠡᠷᠡᠭᠦᠯ ᠢᠶᠠᠷ ᠮᠢᠬ᠎ᠠ ᠢᠳᠡᠬᠦ ᠭᠤᠷᠪᠠᠨ ᠰᠠᠨᠠᠭᠤᠯᠭ᠎ᠠ᠄ | 1. ᠬᠡᠮᠵᠢᠶ᠎ᠡ ᠶᠢ ᠡᠵᠡᠮᠳᠡᠬᠦ ᠨᠢ ᠮᠠᠰᠢ ᠵᠠᠩᠭᠢᠯᠠᠭ᠎ᠠ ᠶᠤᠮ᠃ ᠨᠠᠰᠤᠨ ᠳᠤ ᠬᠦᠷᠦᠭᠰᠡᠳ ᠡᠳᠦᠷ ᠪᠦᠷᠢ 120 | ~ 200g ᠠᠮᠢᠲᠠᠨ ᠤ ᠮᠢᠬ᠎ᠠ ᠠᠭᠤᠯᠤᠬᠰᠠᠨ ᠢᠳᠡᠭᠡᠨ ᠢᠳᠡᠬᠦ ᠴᠢᠬᠤᠯᠠᠳᠠᠢ᠂ ᠲᠤᠬᠠᠢᠢᠯᠠᠪᠠᠯ ᠵᠢᠭᠠᠰᠤᠨ ᠤ | ᠲᠥᠷᠥᠯ ᠢ ᠳᠤᠮᠳᠠᠴᠢ ᠪᠠᠷ 40~75g᠂ ᠮᠠᠯ ᠵᠢᠭᠦᠷᠲᠡᠨ ᠤ ᠮᠢᠬᠠᠨ ᠤ ᠲᠥᠷᠥᠯ ᠢ 40 ~75g᠂ ᠥᠨᠳᠡᠭᠡᠨ ᠤ | ᠲᠥᠷᠥᠯ ᠢ 40~50g ᠢᠳᠡᠵᠦ᠂ ᠬᠠᠷᠢᠯᠴᠠᠨ ᠰᠣᠯᠢᠵᠤ ᠢᠳᠡᠵᠦ ᠪᠣᠯᠤᠨ᠎ᠠ᠃ ᠢᠯᠠᠩᠭᠤᠶ᠎ᠠ ᠤᠯᠠᠭᠠᠨ ᠢᠳᠡᠭᠡᠨ | ᠢᠳᠡᠬᠦ ᠬᠡᠮᠵᠢᠶ᠎ᠡ ᠶᠢ ᠰᠠᠶᠢᠲᠤᠷ ᠬᠢᠵᠠᠭᠠᠷᠯᠠᠬᠤ ᠬᠡᠷᠡᠭᠲᠡᠶ᠂ ᠭᠠᠭ᠋ᠠᠶ ᠦᠬᠡᠷ ᠬᠤᠨᠢ ᠵᠡᠷᠭᠡ ᠮᠠᠯ ᠤᠨ ᠮᠢᠬ᠎ᠠ ᠪᠣᠯ | ᠤᠯᠠᠭᠠᠨ ᠢᠳᠡᠭᠡᠨ ᠳᠤ ᠲᠣᠭᠠᠴᠠᠭᠳᠠᠨ᠎ᠠ᠃ ᠤᠷᠢᠳ ᠢᠶᠠᠷ ᠬᠠᠷ᠎ᠠ ᠮᠢᠬ᠎ᠠ ᠢᠳᠡᠵᠦ᠂ ᠲᠠᠷᠠᠭ᠎ᠠ ᠨᠢ ᠵᠢᠭᠦᠷᠲᠡᠨ ᠤ ᠮᠢᠬ᠎ᠠ | ᠪᠠ ᠵᠢᠭᠠᠰᠤ ᠰᠠᠮ ᠬᠢᠰᠤᠭ᠎ᠠ ᠶᠢᠨ ᠲᠥᠷᠥᠯ ᠢ ᠰᠣᠩᠭᠤᠬᠤ ᠶᠢ ᠰᠠᠨᠠᠭᠤᠯᠤᠶ᠎ᠠ᠃ | 2. ᠬᠠᠭᠤᠷᠤᠯᠭ᠎ᠠ ᠬᠢᠬᠦ ᠠᠷᠭ᠎ᠠ ᠶᠢ ᠵᠥᠪ ᠰᠣᠩᠭᠤᠬᠤ ᠴᠢᠬᠤᠯᠠᠳᠠᠢ᠃ ᠮᠢᠬᠠᠨ ᠤ ᠬᠠᠭᠤᠷᠤᠯᠭ᠎ᠠ | ᠬᠢᠬᠦ ᠳᠡᠭᠡᠨ ᠲᠣᠰᠣ ᠪᠠᠭ᠎ᠠ ᠬᠢᠵᠦ ᠬᠠᠭᠤᠷᠬᠤ ᠠᠷᠭ᠎ᠠ ᠶᠢ ᠭᠡᠷᠡᠭᠯᠡᠭᠡᠷᠡᠢ᠃ | 3. ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠤᠲᠤᠮᠠᠯ ᠮᠢᠬ᠎ᠠ᠂ ᠪᠣᠷᠴᠠ᠂ ᠫᠧᠢᠢᠭᠸᠡ᠂ | ᠬᠢᠮ᠎ᠠ ᠵᠡᠷᠭᠡ ᠪᠣᠯᠪᠠᠰᠤᠷᠠᠭᠤᠯᠤᠭᠰᠠᠨ ᠮᠢᠬᠠᠨ ᠤ ᠵᠦᠢᠯ ᠢ ᠪᠠᠭ᠎ᠠ ᠢᠳᠡ᠃ ᠦᠨᠡᠬᠡᠷ ᠮᠢᠬ᠎ᠠ ᠢᠳᠡᠬᠦ ᠳᠤᠷ᠎ᠠ ᠦᠭᠡᠢ | ᠪᠤᠯ ᠶᠠᠭᠠᠬᠢᠬᠤ ᠪᠤᠢ︖ ᠤᠭᠤᠷᠠᠭ᠂ ᠸᠢᠲ᠋ᠠᠮᠢᠨ B 12᠂ ᠲᠡᠮᠦᠷ ᠨᠥᠬᠦᠬᠦ ᠭᠡᠷᠡᠭᠳᠡᠢ᠃ | ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ | ᠰᠢᠯᠵᠢᠬᠦᠯᠪᠡ︶ | | |