︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭᠳᠦ ᠶᠢᠨ ᠠᠷᠦ ᠳᠠᠬᠢ ᠬᠢᠩᠭᠠᠨ ᠤ ᠬᠦᠴᠦᠨ
ᠨᠡᠶᠢᠲᠡᠯᠡᠭᠰᠡᠨ ᠴᠠᠭ᠄
2025/6/26
        · ᠰᠤᠷᠪᠤᠯᠵᠢᠯᠠᠭᠴᠢ ᠲᠤᠯᠭᠠᠭᠤᠷᠢ        ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠳᠦᠭᠡᠭᠳᠡᠬᠦᠨ ᠤ ᠨᠡᠭᠡᠭᠡᠯᠳᠡ ᠶᠢᠨ ᠬᠢᠵᠠᠭᠠᠷᠳᠦ ᠺᠤᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠳᠠ ᠶᠢᠨ ᠲᠤᠪᠴᠢᠶ᠎ᠠ ᠶᠢᠨ ᠠᠵᠢᠯᠳᠠᠨ ᠲᠤᠰ ᠺᠤᠮᠫᠠᠨᠢ ᠶᠢᠨ ᠦᠢᠯᠡᠳᠪᠦᠷᠢᠯᠡᠭᠰᠡᠨ ᠲᠤᠳᠤᠷᠭ᠎ᠠ ᠳᠤ ᠨᠠᠷᠢᠯᠢᠭ ᠪᠠᠶᠢᠴᠠᠭᠠᠯᠳᠠ ᠬᠢᠵᠦ᠂ ᠠᠷᠪᠠ ᠭᠠᠷᠤᠢ ᠠᠯᠬᠤᠮ ᠲᠠᠷᠠᠭ᠎ᠠ ᠶᠢᠨ ︽ᠬᠢᠨᠠᠨ ᠰᠢᠯᠭᠠᠯᠳᠠ︾ ᠶᠢ ᠦᠩᠭᠡᠷᠡᠭᠡᠭᠰᠡᠨ ᠤ ᠲᠠᠷᠠᠭ᠎ᠠ ᠪᠦᠳᠦᠭᠡᠭᠳᠡᠬᠦᠨ ᠢᠶᠠᠨ ᠪᠦᠬᠦ ᠤᠯᠤᠰ ᠤᠨ ᠡᠯ᠎ᠡ ᠭᠠᠵᠠᠷ ᠲᠤ ᠬᠦᠷᠭᠡᠬᠦ ᠪᠠᠷ ᠪᠡᠯᠡᠳᠭᠡᠨ᠎ᠡ᠃ ᠡᠨᠡᠬᠦ ︽ᠦᠪᠦᠷ ᠮᠤᠩᠭᠤᠯ ᠨᠠᠷᠠᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠢ ᠰᠠᠶ᠋ᠢᠬᠠᠨ ᠣᠯᠤᠭᠰᠠᠨ ᠠᠵᠤ ᠠᠬᠤᠶᠢᠯᠠᠯ ᠨᠢ ᠬᠦᠭᠵᠢᠯᠳᠡ ᠶᠢᠨ ᠰᠢᠨ᠎ᠡ ᠠᠵᠠ ᠲᠤᠬᠢᠶᠠᠯ ᠢ ᠤᠭᠳᠤᠨ ᠠᠪᠴᠢᠷᠠᠭᠰᠠᠨ ᠢᠶᠠᠷ ᠪᠠᠷᠠᠬᠤ ᠦᠭᠡᠢ ᠬᠢᠩᠭᠠᠨ ᠠᠶᠢᠮᠠᠭ ᠤᠨ ᠲᠦᠷᠦᠯ ᠲᠡᠮᠳᠡᠭ ᠤᠨ ᠪᠦᠳᠦᠭᠡᠨ ᠪᠠᠶᠢᠭᠤᠯᠤᠯᠳᠠ ᠳᠤ ᠲᠦᠰᠢᠭᠯᠡᠨ ᠠᠵᠦ ᠦᠢᠯᠡᠰ ᠤᠨ ᠲᠡᠰ ᠲᠡᠪᠰᠢᠬᠦ ᠶᠢ ᠠᠬᠢᠭᠤᠯᠤᠭᠰᠠᠨ ᠦᠯᠢᠭᠡᠷ ᠵᠢᠱᠢᠶ᠎ᠡ ᠪᠤᠯᠵᠠᠢ᠃        ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠪᠥᠳᠥᠬᠡᠭᠳᠡᠭᠦᠨ ᠤ ᠥᠮᠴᠢᠯᠠᠭᠦ ᠡᠷᠭᠡ ᠶᠢᠨ ᠲᠤᠪᠴᠢᠶ᠎ᠠ︶ ᠠᠴᠠ ᠣᠶᠢᠯᠠᠭᠠᠭᠰᠠᠨ ᠢᠶᠠᠷ᠂ ᠬᠢᠩᠭᠠᠨ ᠠᠶᠢᠮᠠᠭ ᠤᠨ ᠯᠢᠩ ᠨᠠᠨ ᠰᠢᠶᠠᠩ ᠲᠠᠷᠢᠶᠠᠯᠠᠩ ᠤᠨ ᠪᠦᠳᠦᠭᠡᠭᠳᠡᠬᠦᠨ ᠤ ᠨᠡᠭᠡᠭᠡᠯᠳᠡ ᠶᠢᠨ ᠬᠢᠵᠠᠭᠠᠷᠳᠦ ᠺᠤᠮᠫᠠᠨᠢ᠂ ᠦᠪᠦᠷ ᠮᠤᠩᠭᠤᠯ ᠤᠨ ᠺᠧ ᠴᠢᠨ ᠸᠠᠨ ᠵᠢᠶᠠ ᠢᠳᠡᠭᠡᠨ ᠤ ᠬᠢᠵᠠᠭᠠᠷᠳᠦ ᠺᠤᠮᠫᠠᠨᠢ ᠵᠡᠷᠭᠡ ᠬᠢᠩᠭᠠᠨ ᠠᠶᠢᠮᠠᠭ ᠤᠨ 6 ᠠᠵᠦ ᠠᠬᠤᠶᠢᠯᠠᠯ ︽ᠦᠪᠦᠷ ᠮᠤᠩᠭᠤᠯ ᠨᠡᠷᠡᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠢ ᠤᠯᠪᠠ᠃ ᠤᠳᠤᠬᠠᠨ ᠳᠤ ᠬᠢᠩᠭᠠᠨ ᠠᠶᠢᠮᠠᠭ ᠤᠨ ︽ᠦᠪᠦᠷ ᠮᠤᠩᠭᠤᠯ ᠨᠡᠷᠡᠮᠵᠢᠳᠦ︾ ᠲᠦᠷᠦᠯ ᠲᠡᠮᠳᠡᠭ ᠤᠨ ᠦᠨᠡᠮᠯᠡᠯ ᠢ ᠤᠯᠤᠭᠰᠠᠨ ᠠᠵᠦ ᠠᠬᠤᠶᠢᠯᠠᠯ 15 ᠪᠤᠯᠵᠦ᠂ ᠤᠷᠤᠨ ᠪᠦᠰᠡ ᠶᠢᠨ ᠲᠦᠷᠦᠯ ᠲᠡᠮᠳᠡᠭ ᠤᠨ ᠨᠦᠯᠦᠭᠡᠯᠡᠬᠦ ᠬᠦᠴᠦᠨ ᠤᠯᠠᠮ ᠲᠡᠭᠡᠭᠰᠢᠯᠡᠬᠦᠯᠪᠡ᠃        ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠴᠢᠳᠠᠮᠵᠢᠳᠦ ᠣᠷᠣᠨ ᠪᠠ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠤᠯᠤᠭᠰᠠᠨ ᠤ ᠬᠤᠪᠢ ᠳᠤ᠂ ᠬᠢᠩᠭᠠᠨ ᠠᠶᠢᠮᠠᠭ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠶᠢ ᠲᠦᠷᠦᠯ ᠲᠡᠮᠳᠡᠭ ᠢ ᠲᠡᠰ ᠲᠡᠪᠰᠢᠬᠦᠯᠬᠦ ᠲᠠᠷᠢᠬᠦᠨ ᠠᠵᠢᠯ ᠪᠤᠯᠭᠠᠪᠠ᠃ 2025 ᠣᠨ ᠤ ᠡᠬᠢᠨ ᠳᠤ᠂ ᠥᠪᠥᠷ ᠮᠣᠩᠭᠤᠯ ᠤᠨ ᠪᠠᠷᠢᠮᠵᠢᠶᠠᠵᠢᠯᠳᠠ ᠶᠢ ᠬᠦᠭᠵᠢᠬᠦᠯᠬᠦ ᠨᠡᠶᠢᠭᠡᠮᠯᠢᠭ ᠤᠨ ᠨᠡᠶᠢᠳᠡᠯᠡᠭᠰᠡᠨ 23 ᠵᠦᠢᠯ ᠤᠨ ︽ᠦᠪᠦᠷ ᠮᠣᠩᠭᠤᠯ ᠨᠠᠷᠠᠮᠵᠢᠳᠦ ︾ ᠲᠦᠷᠦᠯ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠵᠢᠴᠢ 2 ᠵᠦᠢᠯ ᠤᠨ ᠵᠠᠰᠠᠪᠤᠷᠢ ᠣᠷᠣᠭᠤᠯᠤᠭᠰᠠᠨ ᠪᠠᠷᠢᠮᠵᠢᠶ᠎ᠠ ᠳᠤ᠂ ᠬᠢᠩᠭᠠᠨ ᠠᠶᠢᠮᠠᠭ ᠤᠨ ᠣᠷᠣᠯᠴᠠᠵᠤ ᠲᠣᠭᠲᠠᠭᠠᠭᠰᠠᠨ ︽ᠬᠢᠩᠭᠠᠨ ᠠᠶᠢᠮᠠᠭ ᠤᠨ ᠨᠠᠷᠢᠮᠤ︾ ︽ᠷᠠᠰᠢᠶᠠᠨ ᠤ ᠪᠠᠶᠢᠭᠠᠯᠢ ᠶᠢᠨ ᠷᠠᠰᠢᠶᠠᠨ ᠤᠰᠤ︾ ᠭᠡᠬᠦ ᠬᠤᠶᠠᠷ ᠵᠦᠢᠯ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠵᠢᠩᠬᠢᠨᠢ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠤᠳᠤᠬᠠᠨ ᠪᠤᠯᠳᠠᠯ᠎ᠠ᠂ ᠬᠢᠩᠭᠠᠨ ᠠᠶᠢᠮᠠᠭ ︽ᠬᠢᠩᠭᠠᠨ ᠠᠶᠢᠮᠠᠭ ᠤᠨ ᠲᠤᠲᠤᠷᠭ᠎ᠠ︾ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ᠶᠢ ᠪᠠᠭᠲᠠᠭᠠᠭᠰᠠᠨ 8 ᠵᠦᠢᠯ ᠤᠨ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠭᠤᠶᠤᠴᠢᠯᠠᠨ ᠮᠡᠳᠡᠬᠦᠯᠵᠦ ᠪᠤᠯᠬᠤ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠤᠨ ᠪᠦᠯᠬᠦᠮ ᠨᠡᠶᠢᠳᠡ ᠶᠢᠨ ᠪᠠᠷᠢᠮᠵᠢᠶ᠎ᠡ ᠶᠢ 36 ᠪᠣᠯᠭᠠᠨ ᠥᠷᠭᠡᠳᠭᠡᠵᠦ᠂ ᠪᠥᠬᠦ ᠠᠶᠢᠮᠠᠭ ᠤᠨ ᠠᠵᠤ ᠠᠬᠤᠶᠢᠯᠠᠯ ᠤᠨ ᠠᠯᠤᠰ ᠬᠡᠲᠦ ᠶᠢᠨ ᠬᠥᠭᠵᠢᠯᠲᠡ ᠳᠤ ᠪᠠᠲᠤ ᠪᠠᠬᠢ ᠲᠦᠷᠦᠯ ᠲᠡᠮᠳᠡᠭ ᠤᠨ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃        ︽ᠮᠠᠨ ᠤ ᠲᠤᠲᠤᠷᠭ᠎ᠠ ᠨᠢ ᠤᠯᠤᠰ ᠳᠠᠶᠠᠭᠠᠷ ᠲᠤ ᠪᠤᠷᠤᠯᠠᠭᠤᠯᠤᠭᠳᠠᠵᠦ ᠪᠠᠶᠢᠬᠤ ᠨᠢ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠤᠨ ᠠᠷᠤ ᠳᠠᠬᠢ ᠴᠢᠩᠭ᠎ᠠ ᠪᠠᠷᠢᠮᠵᠢᠶ᠎ᠠ ᠳᠤ ᠲᠦᠰᠢᠭᠯᠡᠭᠰᠡᠨ ᠶᠤᠮ᠂ ᠭᠡᠬᠦ ᠳᠡᠭᠡᠨ ᠠᠵᠤ ᠠᠬᠤᠶᠢᠯᠠᠯ ᠤᠳ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠤᠨ ᠭᠡᠷᠡᠴᠢᠯᠡᠯ ᠢ ᠤᠷᠤᠭᠰᠢᠳᠠᠢ ᠬᠦᠷᠳᠡᠵᠦ ᠪᠠᠶᠢᠬᠤ ᠨᠢ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠡᠮᠵᠢᠯᠭᠡ ᠠᠴᠠ ᠰᠠᠯᠵᠦ ᠴᠢᠳᠠᠬᠤ ᠦᠭᠡᠢ ᠶᠤᠮ︾ ᠭᠡᠵᠦ ᠯᠢᠩ ᠨᠠᠨ ᠰᠢᠶᠠᠩ ᠲᠠᠷᠢᠶᠠᠯᠠᠩ ᠤᠨ ᠪᠦᠳᠦᠭᠡᠭᠳᠡᠬᠦᠨ ᠤ ᠨᠡᠭᠡᠭᠡᠯᠳᠡ ᠶᠢᠨ ᠬᠢᠵᠠᠭᠠᠷᠳᠦ ᠺᠤᠮᠫᠠᠨᠢ ᠶᠢᠨ ᠲᠡᠳ᠋ ᠶᠡᠷᠦᠩᠭᠡᠢ ᠲᠠᠭᠠᠭᠠᠮᠠᠯ ᠡᠤ ᠴᠠᠩ ᠹᠦ᠋ ᠰᠡᠳᠬᠢᠯ ᠬᠦᠳᠡᠯᠦᠨ ᠬᠡᠯᠡᠪᠡ᠃ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠠᠵᠤ ᠠᠬᠤᠶᠢᠯᠠᠯ ᠤᠨ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠢ ᠭᠡᠷᠡᠴᠢᠯᠡᠬᠦ ᠶᠠᠪᠤᠴᠠ ᠳᠤ ᠠᠵᠤ ᠠᠬᠤᠶᠢᠯᠠᠯ ᠳᠤ ᠪᠥᠬᠦ ᠬᠡᠯᠬᠢᠶ᠎ᠡ ᠂ ᠪᠦᠬᠦ ᠲᠠᠯ᠎ᠠ ᠪᠠᠷ ᠨᠠᠷᠢᠯᠢᠭ ᠤᠨᠤᠴᠠᠳᠠᠢ ᠦᠢᠯᠡᠴᠢᠯᠡᠭᠡ ᠬᠠᠩᠭᠠᠪᠠ᠃        ︽ᠯᠢᠩ ᠨᠠᠨ ᠰᠢᠶᠠᠩ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠤᠨ ᠭᠡᠷᠡᠴᠢᠯᠡᠯ ᠢ ᠤᠯᠤᠭᠰᠠᠨ ᠠᠵᠦ ᠠᠬᠤᠶᠢᠯᠠᠯ ᠪᠤᠯᠤᠭᠰᠠᠨ ᠤ ᠬᠤᠪᠢ ᠳᠤ ᠪᠦᠬᠦ ᠬᠤᠳᠠ ᠶᠢᠨ ᠲᠠᠷᠢᠶᠠᠯᠠᠩ ᠮᠠᠯ ᠠᠵᠦ ᠠᠬᠤᠢ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠵᠢᠴᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠶᠤᠮ᠃ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠡ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠢ ᠠᠭᠤᠳᠠᠯᠬᠤ᠂ ᠲᠠᠨᠢᠯᠴᠠᠭᠤᠯᠬᠤ᠂ ᠭᠤᠶᠤᠴᠢᠯᠠᠨ ᠮᠡᠳᠡᠭᠦᠯᠬᠦ ᠵᠡᠷᠭᠡ ᠰᠠᠭᠤᠷᠢ ᠴᠢᠨᠠᠷᠲᠠᠶ ᠠᠵᠢᠯ ᠢ ᠦᠷᠭᠦᠯᠵᠢᠯᠡᠨ ᠯᠠᠪᠳᠠᠭᠤᠨ ᠪᠠᠲᠤᠲᠠᠶ ᠠᠬᠢᠭᠤᠯᠵᠤ᠂ ᠠᠵᠦ ᠠᠬᠤᠶᠢᠯᠠᠯ ᠳᠤ ᠢᠳᠡᠪᠬᠢᠳᠡᠢ ᠪᠠᠷ ᠬᠦᠨᠵᠡᠭᠡᠶᠢᠷᠡᠨ ᠦᠢᠯᠡᠴᠢᠯᠡᠭᠡᠨ ᠤ ᠵᠢᠯᠤᠭᠤᠳᠤᠯᠭ᠎ᠠ ᠦᠷᠨᠢᠬᠦᠯᠵᠦ᠂ ᠬᠢᠩᠭᠠᠨ ᠠᠶᠢᠮᠠᠭ ᠤᠨ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ ᠬᠦᠴᠦᠨ ᠨᠡᠮᠡᠷᠢᠯᠡᠨ᠎ᠡ︾ ᠭᠡᠵᠦ ᠤᠯᠠᠭᠠᠨᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠦᠸᠧ ᠰᠢᠶᠤᠤ ᠯᠢᠶᠠᠩ ᠢᠯᠡᠷᠭᠡᠶᠢᠯᠡᠨ᠎ᠡ᠃        ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠢ ᠭᠡᠷᠡᠴᠢᠯᠡᠬᠦ ᠬᠢᠩᠭᠠᠨ ᠠᠶᠢᠮᠠᠭ ᠤᠨ ᠠᠯᠬᠤᠭ᠎ᠠ ᠶᠢᠨ ᠲᠤᠮᠳᠠ᠂ ᠵᠠᠰᠠᠭ ᠤᠨ ᠤᠷᠳᠤᠨ ᠤ ︽ᠠᠰᠠᠷᠠᠭᠴᠢ ᠮᠠᠶ᠋ᠢᠭ ᠤᠨ ᠦᠢᠯᠡᠴᠢᠯᠡᠭᠡ︾ ᠨᠢ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠬᠦᠳᠡᠯᠭᠡᠬᠦ ᠬᠦᠴᠦᠨ ᠪᠤᠯᠪᠠ᠃ ᠬᠢᠩᠭᠠᠨ ᠠᠶᠢᠮᠠᠭ ᠤᠨ ᠵᠠᠬ᠎ᠠ ᠲᠡᠯᠭᠡᠬᠦᠷ ᠤᠨ ᠬᠢᠨᠠᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢᠭᠡ ᠲᠠᠯ᠎ᠠ ᠪᠠᠷ ᠦᠢᠯᠡᠴᠢᠯᠡᠭᠡᠨ ᠤ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠠᠵᠤ ᠠᠬᠤᠶᠢᠯᠠᠯ ᠳᠤ ᠤᠨᠤᠴᠠᠳᠠᠢ ᠵᠢᠯᠤᠭᠤᠳᠤᠯᠭ᠎ᠠ ᠪᠠ ᠬᠠᠪᠰᠤᠷᠤᠯᠭ᠎ᠠ ᠬᠠᠩᠭᠠᠬᠤ ᠪᠠᠷ ᠪᠠᠷᠠᠬᠤ ᠦᠭᠡᠢ ᠨᠦᠬᠦᠭᠡ ᠲᠠᠯ᠎ᠠ ᠪᠠᠷ ᠦᠢᠯᠡᠳᠪᠦᠷᠢᠯᠡᠯ ᠪᠤᠷᠤᠯᠠᠭᠤᠯᠭ᠎ᠠ ᠶᠢ ᠵᠤᠯᠭᠠᠭᠤᠯᠬᠤ ᠲᠠᠪᠴᠠᠩ ᠢ ᠢᠳᠡᠪᠬᠢᠳᠡᠢ ᠪᠠᠶᠢᠭᠤᠯᠵᠦ᠂ ᠠᠵᠦ ᠠᠬᠤᠶᠢᠯᠠᠯ ᠤᠨ ᠵᠠᠬ᠎ᠠ ᠲᠡᠯᠭᠡᠬᠦᠷ ᠤᠨ ᠠᠷᠭ᠎ᠠ ᠵᠠᠮ ᠢ ᠦᠷᠭᠡᠳᠭᠡᠬᠦ ᠳᠤ ᠢᠳᠡᠪᠬᠢᠳᠡᠢ ᠬᠦᠴᠦᠨ ᠨᠡᠮᠡᠷᠢᠯᠡᠪᠡ᠃        ᠲᠦᠷᠦᠭᠦᠬᠡᠨ᠂ ᠤᠯᠤᠰ ᠤᠨ ᠪᠡᠶ᠎ᠡ ᠶᠢᠨ ᠲᠠᠮᠢᠷ ᠤᠨ ᠲᠠᠯᠠᠪᠠᠶ ︵ᠰᠢᠪᠠᠭᠤᠨ ᠡᠭᠦᠷ︶ ᠳᠤ ᠡᠷᠭᠢᠯᠡᠭᠰᠡᠨ ︽ᠬᠢᠩᠭᠠᠨ ᠤ ᠰᠠᠶᠢᠨ ᠪᠠᠷᠠᠭ᠎ᠠ ᠨᠡᠶᠢᠰᠯᠡᠯ ᠳᠤ ᠣᠷᠣᠬᠤ︾ ᠠᠵᠢᠯᠯᠠᠭ᠎ᠠ ᠶᠢᠨ ᠲᠤᠮᠳᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠾᠧᠩ ᠵᠢᠶᠠ ᠵᠢᠮᠢᠰ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠦᠵᠡᠭᠦᠯᠦᠯᠭᠡ ᠶᠢᠨ ᠳᠠᠶᠢᠰᠠᠨ ᠤ ᠡᠮᠦᠨ᠎ᠡ ᠬᠤᠳᠠ ᠶᠢᠨ ᠠᠷᠠᠳ ᠤᠷᠳᠦ ᠮᠦᠷᠡᠯᠡᠨ ᠵᠢᠭᠰᠠᠵᠦ᠂ ᠪᠠᠷᠠᠭ᠎ᠠ ᠬᠤᠳᠠᠯᠳᠤᠨ ᠠᠪᠤᠨ᠎ᠠ᠃ ︽ᠡᠨᠡ ᠪᠣᠯ ᠶᠡᠭᠡ ᠬᠢᠩᠭᠠᠨ ᠳᠠᠪᠠᠭ᠎ᠠ ᠠᠴᠠ ᠢᠷᠡᠭᠰᠡᠨ ᠪᠠᠶᠢᠭᠠᠯᠢ ᠶᠢᠨ ᠵᠢᠮᠢᠰ ᠤᠨ ᠳᠠᠷᠤᠰᠢ ᠮᠥᠨ᠂ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠢᠶᠠᠷ ᠭᠡᠷᠡᠴᠢᠯᠡᠬᠦᠯᠦᠭᠰᠡᠨ ᠦᠢᠯᠡᠳᠬᠦᠨ ᠪᠤᠯᠤᠭᠰᠠᠨ ᠤ ᠬᠤᠪᠢ ᠳᠤ ᠴᠢᠨᠠᠷ ᠴᠢᠨᠰᠠᠭ᠎ᠠ ᠶᠢᠨ ᠪᠠᠳᠤᠯᠠᠭ᠎ᠠ ᠲᠠᠢ ᠪᠠᠶᠢᠳᠠᠭ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠲᠢᠶᠠᠨ ᡁᠢ ᠸᠧᠶ ᠬᠤᠳᠠ ᠶᠢᠨ ᠠᠷᠠᠳ ᠲᠤ ᠲᠠᠨᠢᠯᠴᠠᠭᠤᠯᠤᠨ ᠬᠡᠯᠡᠵᠦ ᠪᠠᠶᠢᠯ᠎ᠠ᠃        ᠲᠢᠶᠠᠨ ᡁᠢ ᠸᠧᠶ ᠶᠢᠨ ᠲᠠᠨᠢᠯᠴᠠᠭᠤᠯᠭ᠎ᠠ ᠪᠠᠷ᠂ ᠣᠲᠣᠬᠠᠨ ᠪᠣᠯᠲᠠᠯ᠎ᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠢ ᠤᠯᠤᠭᠰᠠᠨ ᠠᠵᠦ ᠠᠬᠤᠶᠢᠯᠠᠯ ᠨᠢᠭᠡᠨᠳᠡ 6 ᠪᠤᠯᠵᠦ᠂ ᠪᠥᠬᠦ ᠠᠶᠢᠮᠠᠭ ᠤᠨ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠢ ᠤᠯᠤᠭᠰᠠᠨ ᠠᠵᠤ ᠠᠬᠤᠶᠢᠯᠠᠯ ᠪᠠ ᠲᠥᠷᠥᠯ ᠵᠦᠢᠯ ᠢᠶᠠᠷ ᠬᠠᠮᠤᠭ ᠤᠨ ᠣᠯᠠᠨ ᠬᠤᠰᠢᠭᠤ ᠰᠢᠶᠠᠨ ᠪᠣᠯᠤᠭᠰᠠᠨ ᠪᠠᠶᠢᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠪᠠᠰᠠ ᠬᠤᠰᠢᠭᠤᠨ ᠤ ᠲᠤᠳᠤᠷᠠᠬᠢ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠢ ᠤᠯᠤᠭᠰᠠᠨ ᠠᠵᠤ ᠠᠬᠤᠶᠢᠯᠠᠯ ᠢ ᠳᠠᠭᠠᠭᠤᠯᠤᠨ ᠳᠣᠯᠣᠳᠤᠭᠠᠷ ᠬᠤᠭᠤᠴᠠᠭᠠᠨ ᠤ ᠱᠠᠩᠬᠠᠶ ᠬᠤᠲᠠ ᠶᠢᠨ ᠠᠵᠢᠯ ᠲᠥᠷᠥᠯ ᠤᠨ ᠭᠠᠵᠠᠷ ᠣᠷᠣᠨ ᠤ ᠤᠨᠴᠠᠯᠢᠭᠳᠤ ᠪᠦᠲᠦᠭᠡᠭᠳᠡᠬᠦᠨ ᠤ ᠳᠡᠯᠭᠡᠨ ᠪᠤᠷᠤᠯᠠᠭᠤᠯᠭ᠎ᠠ ᠶᠢᠨ ᠴᠤᠭᠯᠠᠭᠠᠨ᠂ ᠪᠥᠬᠦ ᠣᠷᠣᠨ ᠤ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭᠳᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠲᠠᠨᠢᠯᠴᠠᠭᠤᠯᠭ᠎ᠠ ᠶᠢᠨ ᠴᠤᠭᠯᠠᠭᠠᠨ ᠵᠡᠷᠭᠡ ᠣᠯᠠᠨ ᠲᠠᠯᠠᠪᠤᠷ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠳᠤ ᠤᠷᠤᠯᠴᠠᠬᠤ ᠶᠢᠨ ᠬᠠᠮᠳᠦ ᠤᠯᠤᠰ ᠤᠨ ᠪᠡᠶ᠎ᠡ ᠲᠠᠮᠢᠷ ᠤᠨ ᠲᠠᠯᠠᠪᠠᠢ ᠶᠢᠨ ᠬᠢᠵᠠᠭᠠᠷᠳᠦ ᠺᠤᠮᠫᠠᠨᠢ ᠶᠢᠨ ᠬᠤᠳᠠᠯᠳᠤᠭᠠᠨ ᠤ ᠬᠤᠪᠢᠶᠠᠷᠢ ᠺᠣᠮᠫᠠᠨᠢ ᠲᠠᠢ ᠣᠷᠳᠣ ᠬᠤᠭᠤᠴᠠᠭᠠᠨ ᠤ ᠬᠡᠯᠡᠯᠴᠡᠭᠡᠷ ᠲᠣᠭᠲᠠᠵᠤ᠂ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠤᠨ ᠭᠡᠷᠡᠴᠢᠯᠡᠯ ᠤᠯᠤᠭᠰᠠᠨ 4 ᠠᠵᠦ ᠠᠬᠤᠶᠢᠯᠠᠯ ᠴᠤ ᠪᠡᠭᠡᠵᠢᠩ ᠬᠤᠳᠠ ᠶᠢᠨ ᠰᠢᠪᠠᠭᠤᠨ ᠡᠬᠦᠷ ᠤᠨ ᠬᠤᠳᠠᠯᠳᠤᠭᠠᠨ ᠤ ᠦᠢᠯᠡᠰ ᠲᠤ ᠠᠮᠵᠢᠯᠳᠠᠳᠠᠢ ᠤᠷᠤᠵᠦ᠂ ᠲᠠᠯ᠎ᠠ ᠨᠤᠳᠤᠭ ᠤᠨ ᠪᠦᠳᠦᠭᠡᠭᠳᠡᠬᠦᠨ ᠢ ᠲᠤᠮᠦ ᠵᠠᠬ᠎ᠠ ᠲᠡᠯᠭᠡᠬᠦᠷ ᠲᠤ ᠪᠦᠳᠦᠮᠵᠢᠳᠡᠢ ᠵᠤᠯᠭᠠᠭᠤᠯᠬᠤ ᠶᠢ ᠪᠡᠶᠡᠯᠡᠬᠦᠯᠵᠡᠢ᠃        ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠾᠧᠩ ᠵᠢᠶᠠ ᠵᠢᠮᠢᠰ ᠤᠨ ᠦᠢᠯᠡᠰ ᠤᠨ ᠬᠢᠵᠠᠭᠠᠷᠲᠤ ᠺᠤᠮᠫᠠᠨᠢ ᠳᠤ᠂ ᠠᠵᠢᠯᠴᠢᠳ ᠲᠤᠨᠤᠭ ᠲᠥᠬᠦᠭᠡᠷᠦᠮᠵᠢ ᠪᠠᠨ ᠰᠡᠯᠪᠢᠨ ᠵᠠᠰᠠᠵᠤ᠂ ᠦᠢᠯᠡᠳᠪᠦᠷᠢᠯᠡᠬᠦ ᠠᠴᠠ ᠡᠮᠦᠨᠡᠬᠢ ᠪᠡᠯᠡᠳᠭᠡᠯ ᠠᠵᠢᠯ ᠢᠶᠠᠨ ᠬᠢᠨ᠎ᠡ᠃ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᠯᠢᠨ᠄ ︽2024 ᠣᠨ ᠤ 12 ᠰᠠᠷ᠎ᠠ ᠳᠤ ᠮᠠᠨ ᠤ ᠺᠣᠮᠫᠠᠨᠢ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠤᠨ ᠭᠡᠷᠡᠴᠢᠯᠡᠯ ᠤᠯᠤᠭᠰᠠᠨ ᠠᠴᠠ ᠨᠠᠭᠠᠰᠢ᠂ ᠲᠦᠷᠦᠯ ᠲᠡᠮᠳᠡᠭ ᠤᠨ ᠦᠢᠯᠡᠳᠦᠯ ᠨᠢ ᠢᠳᠡᠭ ᠢᠳᠡᠭ ᠢᠶᠠᠷ ᠢᠯᠡᠷᠡᠵᠦ᠂ ᠦᠢᠯᠡᠳᠬᠦᠨ ᠨᠢ ᠪᠡᠭᠡᠵᠢᠩ᠂ ᠱᠧᠨᠵᠧᠨ ᠵᠡᠷᠭᠡ ᠬᠤᠲᠠ ᠶᠢᠨ ᠵᠠᠬ᠎ᠠ ᠳᠡᠯᠭᠡᠭᠦᠷ ᠲᠤ ᠠᠮᠵᠢᠯᠲᠠᠲᠠᠶ ᠣᠷᠣᠵᠠᠢ᠃ ︿ᠦᠪᠦᠷ ᠮᠣᠩᠭᠤᠯ ᠨᠠᠷᠠᠮᠵᠢᠳᠦ﹀ ᠲᠦᠷᠦᠯ ᠲᠡᠮᠳᠡᠭ ᠨᠢ ᠵᠥᠪᠬᠡᠨ ᠶᠠᠰᠤ ᠴᠢᠨᠠᠷ ᠤᠨ ᠭᠡᠷᠡᠴᠢᠯᠡᠯ ᠲᠡᠳᠦᠶ ᠪᠢᠰᠢ᠂ ᠨᠠᠩ ᠴᠤ ᠬᠡᠷᠡᠭᠯᠡᠭᠴᠢᠳ ᠤᠨ ᠢᠲᠡᠭᠡᠯ ᠢ ᠤᠯᠤᠭᠰᠠᠨ ᠪᠡᠯᠭᠡ ᠲᠡᠮᠳᠡᠭ ᠪᠣᠯᠵᠣ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠨᠡᠭᠡᠭᠡᠬᠦ ᠳᠤ ᠬᠦᠴᠦᠲᠡᠶ ᠲᠦᠰᠢᠭ ᠲᠤᠯᠭᠠᠭᠤᠷᠢ ᠪᠤᠯᠵᠠᠢ︾ ᠭᠡᠵᠦ ᠬᠡᠯᠡᠵᠦ ᠪᠠᠶᠢᠯ᠎ᠠ᠃        ᠡᠨᠡ ᠵᠢᠯ᠂ ᠬᠢᠩᠭᠠᠨ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ︽ᠦᠪᠦᠷ ᠮᠣᠩᠭᠤᠯ ᠨᠠᠷᠠᠮᠵᠢᠳᠦ︾ ᠲᠦᠷᠦᠯ ᠲᠡᠮᠳᠡᠭ ᠢᠶᠠᠷ ᠠᠵᠤ ᠠᠬᠤᠶᠢᠯᠠᠯ ᠢ ᠲᠤᠰᠠᠯᠠᠬᠤ ᠲᠤᠰᠬᠠᠶ ᠠᠵᠢᠯᠯᠠᠭ᠎ᠠ ᠶᠢ ᠶᠡᠭᠡ ᠪᠠᠷ ᠶᠠᠪᠤᠭᠳᠠᠭᠤᠯᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠥᠬᠦ ᠤᠯᠤᠰ ᠤᠨ ᠡᠯ᠎ᠡ ᠭᠠᠵᠠᠷ ᠤᠨ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠴᠤᠭᠯᠠᠭᠠᠨ᠂ ᠵᠣᠯᠭᠠᠭᠤᠯᠬᠤ ᠴᠤᠭᠯᠠᠭᠠᠨ ᠳᠤ ᠣᠷᠣᠯᠴᠠᠭᠤᠯᠬᠤ ᠪᠠᠷ ᠳᠠᠮᠵᠢᠭᠤᠯᠤᠨ᠂ ᠨᠠᠩ ᠣᠯᠠᠨ ᠴᠢᠨᠠᠷ ᠰᠠᠶᠢᠲᠠᠶ ᠦᠢᠯᠡᠳᠬᠦᠨ ᠢ ᠪᠦᠬᠦ ᠤᠯᠤᠰ ᠤᠨ ᠵᠠᠬ᠎ᠠ ᠲᠡᠯᠭᠡᠬᠦᠷ ᠲᠤ ᠭᠠᠷᠭᠠᠵᠦ᠂ ᠰᠠᠶᠢᠨ ᠦᠢᠯᠡᠳᠬᠦᠨ ᠢ ᠦᠢᠯᠡᠳᠪᠦᠷᠢᠯᠡᠬᠦ ᠠᠴᠠ ᠰᠠᠶᠢᠨ ᠲᠦᠷᠦᠯ ᠲᠡᠮᠳᠡᠭ ᠪᠤᠯᠳᠠᠯᠠᠬᠢ᠂ ᠤᠷᠤᠨ ᠪᠦᠰᠡ ᠶᠢᠨ ᠵᠠᠬ᠎ᠠ ᠲᠡᠯᠭᠡᠬᠦᠷ ᠢ ᠨᠡᠭᠡᠭᠡᠬᠦ ᠠᠴᠠ ᠪᠦᠬᠦ ᠤᠯᠤᠰ ᠤᠨ ᠵᠠᠬ᠎ᠠ ᠲᠡᠯᠭᠡᠬᠦᠷ ᠲᠤ ᠭᠠᠷᠬᠤ ᠪᠤᠯᠳᠠᠯᠠᠬᠢ ᠬᠤᠪᠢᠷᠠᠯᠳᠠ ᠶᠢ ᠪᠡᠶᠡᠯᠡᠬᠦᠯᠵᠡᠢ᠃
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号