| ᠤᠶᠢᠷ᠎ᠠ ᠳᠤ ᠬᠢᠨᠭ᠍ᠭᠠᠨ ᠠᠶᠢᠮᠠᠭ 2025 ᠤᠨ ᠤ ᠬᠠᠤᠯᠢ ᠪᠤᠰᠤ ᠮᠦᠡᠭᠬᠦᠨ ᠬᠦᠢᠯᠬᠡᠬᠡᠨ ᠤ ᠠᠵᠢᠯᠯᠠᠭ᠎ᠠ ᠶᠢ | ᠰᠡᠷᠬᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠶᠢ ᠤᠯᠠᠭᠠᠨᠬᠤᠳᠠ ᠶᠢᠨ ︽5 · 1︾ ᠠᠭᠤᠳᠠᠮ | ᠲᠠᠯᠠᠪᠠᠢ ᠳᠤ ᠦᠷᠨᠢᠬᠦᠯᠪᠡ᠃ ᠲᠤᠰ ᠤᠳᠠᠭᠠᠨ ᠤ ᠠᠵᠢᠯᠯᠠᠭ᠎ᠠ ᠶᠢ ᠬᠢᠨᠭ᠍ᠭᠠᠨ ᠠᠶᠢᠮᠠᠭ ᠤᠨ ᠡᠳ᠋ ᠤᠨ ᠵᠠᠰᠠᠭ ᠤᠨ | ᠲᠤᠪᠴᠢᠶ᠎ᠠ ᠠᠴᠠ ᠭᠤᠤᠯᠯᠠᠨ ᠡᠷᠬᠢᠯᠡᠵᠦ᠂ ᠤᠯᠠᠭᠠᠨᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ ᠠᠴᠠ ᠬᠠᠮᠵᠢᠯᠴᠠᠨ | ᠡᠷᠬᠢᠯᠡᠵᠦ᠂ ᠬᠢᠨᠭ᠍ᠭᠠᠨ ᠠᠶᠢᠮᠠᠭ ᠤᠨ ᠬᠠᠤᠯᠢ ᠪᠤᠰᠤ ᠮᠦᠡᠭᠬᠦᠨ ᠬᠦᠢᠯᠬᠡᠬᠡᠨ ᠤ ᠠᠵᠢᠯᠯᠠᠭ᠎ᠠ ᠶᠢ ᠰᠡᠷᠬᠡᠶᠢᠯᠡᠬᠦ ᠪᠠ | ᠴᠤᠬᠢᠯᠳᠠ ᠦᠭᠬᠦ ᠲᠤᠰᠬᠠᠢ ᠠᠵᠢᠯ ᠤᠨ ᠲᠤᠭᠤᠶᠢᠯᠠᠩ ᠤᠨ ᠬᠡᠰᠢᠬᠦᠨ ᠪᠠᠶᠢᠭᠤᠯᠭ᠎ᠠ᠂ ᠪᠠᠩᠬᠢ ᠶᠢᠨ ᠠᠵᠢᠯ ᠲᠦᠷᠦᠯ᠂ | ᠲᠠᠭᠠᠳᠬᠠᠯ ᠤᠨ ᠦᠢᠯᠡᠰ ᠤᠨ ᠪᠠᠶᠢᠭᠤᠯᠭ᠎ᠠ ᠵᠢᠴᠢ ᠤᠷᠤᠨ ᠨᠤᠳᠤᠭ ᠤᠨ ᠮᠦᠡᠭᠬᠦᠨ ᠬᠦᠢᠯᠬᠡᠬᠡᠨ ᠤ ᠵᠤᠬᠢᠶᠠᠨ | ᠪᠠᠶᠢᠭᠤᠯᠤᠯᠳᠠ ᠪᠠᠷ ᠪᠦᠷᠢᠯᠳᠦᠭᠰᠡᠨ 80 ᠭᠠᠷᠦᠢ ᠪᠠᠶᠢᠭᠤᠯᠭ᠎ᠠ ᠤᠷᠤᠯᠴᠠᠵᠠᠢ᠃ | ᠠᠵᠢᠯᠯᠠᠭ᠎ᠠ ᠶᠢᠨ ᠠᠬᠤᠢ ᠲᠠᠯᠠᠪᠠᠢ ᠳᠤ᠂ ᠡᠯ᠎ᠡ ᠪᠠᠶᠢᠭᠤᠯᠭ᠎ᠠ ︽ᠵᠤᠭᠤᠰᠤᠨ ᠪᠤᠬᠴᠤ ᠪᠠᠨ ᠬᠠᠮᠠᠭᠠᠯᠠᠵᠦ | ᠵᠢᠷᠭᠠᠯᠳᠤ ᠠᠮᠢᠳᠦᠷᠠᠯ ᠢᠶᠠᠨ ᠰᠠᠬᠢᠶ᠎ᠠ︾ ᠬᠡᠬᠦ ᠭᠤᠤᠯ ᠰᠡᠳᠤᠪ ᠢᠶᠠᠷ ᠤᠬᠠᠭᠤᠯᠭ᠎ᠠ ᠶᠢᠨ ᠬᠦᠨᠳᠡᠯᠡᠨ ᠪᠢᠴᠢᠬᠡᠰᠦ ᠡᠯᠬᠦᠬᠦ | ᠂ ᠠᠰᠠᠭᠤᠨ ᠯᠠᠪᠯᠠᠯᠳᠠ ᠶᠢᠨ ᠲᠠᠶᠢᠰᠠ ᠲᠤᠬᠢᠷᠠᠭᠤᠯᠬᠤ᠂ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠤ ᠵᠢᠴᠢ ᠭᠠᠷ | ᠲᠡᠪᠳᠡᠷ ᠲᠠᠷᠬᠠᠭᠠᠬᠤ ᠵᠡᠷᠭᠡ ᠤᠯᠠᠨ ᠠᠷᠭ᠎ᠠ ᠪᠠᠷ ᠤᠯᠠᠨ ᠲᠦᠮᠡᠨ ᠳᠤ ᠬᠠᠤᠯᠢ ᠪᠤᠰᠤ ᠪᠠᠷ ᠪᠡᠯᠡ ᠴᠤᠬᠯᠠᠭᠤᠯᠬᠤ ᠶᠢ | ᠰᠡᠷᠭᠡᠶᠢᠯᠡᠬᠦ ᠵᠡᠷᠭᠡ ᠮᠦᠡᠭᠬᠦᠨ ᠬᠦᠢᠯᠬᠡᠬᠡᠨ ᠤ ᠮᠡᠳᠡᠯᠬᠡ ᠶᠢ ᠲᠦᠬᠡᠮᠡᠯᠵᠢᠬᠦᠯᠵᠦ᠂ ᠲᠡᠳᠡᠨ ᠤ ᠲᠦᠭᠰᠢᠬᠦᠷᠢ ᠶᠢ ᠢᠯᠭᠠᠨ | ᠲᠠᠨᠢᠬᠤ ᠪᠠ ᠰᠡᠷᠬᠡᠶᠢᠯᠡᠬᠦ ᠴᠢᠳᠠᠪᠦᠷᠢ ᠶᠢ ᠲᠡᠭᠡᠭᠰᠢᠯᠡᠬᠦᠯᠵᠡᠢ᠃ ᠤᠯᠠᠭᠠᠨᠬᠤᠳᠠ ᠶᠢᠨ ᠰᠠᠭᠤᠭᠠᠯᠢ ᠠᠷᠠᠳ ᠬᠠᠨ ᡁᠢ | ᠫᠢᠩ᠄ ︽ᠪᠢ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠭᠠᠳ ᠬᠠᠤᠯᠢ ᠪᠤᠰᠤ ᠶᠢᠨ ᠮᠦᠡᠭᠬᠦᠨ ᠬᠦᠢᠯᠬᠡᠬᠡᠨ ᠤ | ᠠᠵᠢᠯᠯᠠᠭ᠎ᠠ ᠶᠢ ᠰᠡᠷᠬᠡᠶᠢᠯᠡᠬᠦ ᠮᠡᠳᠡᠯᠬᠡ ᠶᠢ ᠤᠯᠵᠦ ᠰᠤᠷᠴᠠᠢ᠃ ᠲᠠᠷᠦᠢ ᠰᠦᠯᠵᠢᠶᠡᠨ ᠲᠡᠭᠡᠷ᠎ᠡ ᠦᠷᠬᠦᠯᠵᠢ ᠶᠠᠷᠢᠳᠠᠭ | ᠲᠤᠤᠷ᠎ᠠ ᠪᠡᠯᠡ ᠤᠷᠤᠭᠤᠯᠤᠯᠳᠠ ᠲᠠᠢ᠂ ᠦᠨᠳᠦᠷ ᠠᠰᠢᠭ ᠬᠦᠷᠳᠡᠬᠦ ᠵᠡᠷᠭᠡ ᠪᠡᠯᠡ ᠤᠷᠤᠭᠤᠯᠤᠯᠳᠠ ᠶᠢᠨ | ᠠᠵᠢᠯᠯᠠᠭ᠎ᠠ ᠶᠢᠨ ᠤᠯᠠᠩᠬᠢ ᠨᠢ ᠪᠦᠷ ᠮᠡᠬᠡᠯᠡᠯ ᠤᠨ ᠠᠵᠢᠯᠯᠠᠭ᠎ᠠ ᠪᠤᠯᠤᠨ᠎ᠠ᠃ ᠦᠨᠦᠳᠦᠷ ᠤᠨ ᠤᠬᠠᠭᠤᠯᠭ᠎ᠠ ᠪᠠᠷ | ᠲᠠᠮᠵᠢᠭᠤᠯᠤᠨ ᠪᠢ ᠬᠠᠤᠯᠢ ᠪᠤᠰᠤ ᠮᠦᠡᠭᠬᠦᠨ ᠬᠦᠢᠯᠬᠡᠬᠡᠨ ᠤ ᠠᠵᠢᠯᠯᠠᠭ᠎ᠠ ᠶᠢᠨ ᠲᠤᠬᠠᠢ ᠬᠦᠨᠵᠡᠬᠡᠢ ᠲᠠᠨᠢᠯᠳᠠ ᠲᠠᠢ | ᠪᠤᠯᠵᠦ᠂ ᠡᠬᠦᠨ ᠠᠴᠠ ᠬᠤᠵᠢᠮ ᠲᠤᠬᠢᠶᠠᠯᠳᠤᠵᠦ ᠮᠡᠳᠡᠬᠦ ᠡᠯ᠎ᠡ ᠵᠦᠢᠯ ᠤᠨ ᠮᠦᠡᠭᠬᠦᠨ ᠬᠦᠢᠯᠬᠡᠬᠡᠨ ᠤ | ᠲᠦᠭᠰᠢᠬᠦᠷᠢ ᠠᠴᠠ ᠵᠠᠶᠢᠯᠠᠰᠬᠢᠬᠦ ᠳᠤ ᠲᠤᠰᠠ ᠪᠤᠯᠤᠨ᠎ᠠ︾ ᠬᠡᠵᠦ ᠶᠠᠷᠢᠵᠦ ᠪᠠᠶᠢᠯ᠎ᠠ᠃ | ᠬᠢᠨᠭ᠍ᠭᠠᠨ ᠠᠶᠢᠮᠠᠭ ᠤᠨ ᠡᠳ᠋ ᠤᠨ ᠵᠠᠰᠠᠬ ᠤᠨ ᠲᠤᠪᠴᠢᠶ᠎ᠠ ᠶᠢᠨ ᠮᠦᠡᠭᠬᠦᠨ ᠬᠦᠢᠯᠬᠡᠬᠡᠨ ᠤ ᠬᠢᠨᠠᠯᠳᠠ | ᠬᠠᠮᠢᠶᠠᠷᠦᠯᠳᠠ ᠶᠢᠨ ᠰᠠᠯᠠᠭ᠎ᠠ ᠶᠢᠨ ᠲᠠᠷᠤᠭ᠎ᠠ ᠯᠢ ᠰᠢᠶᠤᠤ ᠡᠾᠦ᠋ᠢ᠄ ︽ᠲᠤᠰ ᠤᠳᠠᠭᠠᠨ ᠤ ᠠᠵᠢᠯᠯᠠᠭ᠎ᠠ ᠤᠨᠤᠪᠴᠢᠳᠠᠢ | ᠂ ᠲᠦᠬᠦᠮ ᠤᠶᠢᠯᠠᠭᠠᠮᠵᠢᠳᠠᠢ ᠠᠷᠭ᠎ᠠ ᠪᠠᠷ ᠬᠠᠤᠯᠢ ᠪᠤᠰᠤ ᠮᠦᠡᠭᠬᠦᠨ ᠬᠦᠢᠯᠬᠡᠬᠡᠨ ᠤ ᠠᠵᠢᠯᠯᠠᠭ᠎ᠠ ᠶᠢᠨ ᠡᠩ ᠤᠨ | ᠴᠢᠨᠠᠷᠳᠠᠢ ᠲᠦᠭᠰᠢᠬᠦᠷᠢ ᠶᠢᠨ ᠤᠨᠴᠠᠯᠢᠭ ᠢ ᠢᠯᠡᠷᠡᠬᠦᠯᠵᠦ᠂ ᠨᠡᠶᠢᠬᠡᠮ ᠨᠡᠶᠢᠳᠡ ᠶᠢᠨ ᠬᠠᠤᠯᠢ ᠪᠤᠰᠤ ᠪᠠᠷ ᠪᠡᠯᠡ | ᠴᠤᠬᠯᠠᠭᠤᠯᠬᠤ ᠵᠡᠷᠭᠡ ᠬᠠᠤᠯᠢ ᠪᠤᠰᠤ ᠮᠦᠡᠭᠬᠦᠨ ᠬᠦᠢᠯᠬᠡᠬᠡᠨ ᠤ ᠠᠵᠢᠯᠯᠠᠭ᠎ᠠ ᠶᠢ ᠰᠡᠷᠬᠡᠶᠢᠯᠡᠬᠦ ᠤᠬᠠᠮᠰᠠᠷ ᠪᠠ | ᠴᠢᠳᠠᠪᠦᠷᠢ ᠶᠢ ᠲᠡᠭᠡᠭᠰᠢᠯᠡᠬᠦᠯᠵᠡᠢ᠃ 6 ᠰᠠᠷ᠎ᠠ ᠪᠤᠯ ᠪᠦᠬᠦ ᠤᠯᠤᠰ ᠤᠨ ᠬᠠᠤᠯᠢ ᠪᠤᠰᠤ ᠪᠡᠯᠡ ᠴᠤᠬᠯᠠᠭᠤᠯᠬᠤ ᠶᠢ | ᠰᠡᠷᠬᠡᠶᠢᠯᠡᠬᠦ ᠤᠬᠠᠭᠤᠯᠭ᠎ᠠ ᠶᠢᠨ ᠰᠠᠷ᠎ᠠ ᠪᠤᠯᠤᠨ᠎ᠠ᠂ ᠬᠢᠨᠭ᠍ᠭᠠᠨ ᠠᠶᠢᠮᠠᠭ ᠤᠨ ᠡᠳ᠋ ᠤᠨ ᠵᠠᠰᠠᠭ ᠤᠨ ᠲᠤᠪᠴᠢᠶ᠎ᠠ ᠤᠯᠠᠨ | ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠨᠡᠶᠢᠬᠡᠮ ᠨᠡᠶᠢᠳᠡ ᠶᠢᠨ ᠬᠠᠤᠯᠢ | ᠪᠤᠰᠤ ᠮᠦᠡᠭᠬᠦᠨ ᠬᠦᠢᠯᠬᠡᠬᠡᠨ ᠤ ᠠᠵᠢᠯᠯᠠᠭ᠎ᠠ ᠶᠢ ᠰᠡᠷᠬᠡᠶᠢᠯᠡᠬᠦ ᠤᠬᠠᠮᠰᠠᠷ ᠪᠠ ᠴᠢᠳᠠᠪᠦᠷᠢ ᠶᠢ ᠦᠨᠡᠨᠬᠦ ᠲᠡᠭᠡᠭᠰᠢᠯᠡᠬᠦᠯᠵᠦ | ᠂ ᠬᠠᠤᠯᠢ ᠪᠤᠰᠤ ᠪᠠᠷ ᠪᠡᠯᠡ ᠴᠤᠬᠯᠠᠭᠤᠯᠬᠤ ᠶᠢ ᠦᠪᠡᠷ ᠤᠨ ᠤᠬᠠᠮᠰᠠᠷ ᠠᠴᠠ ᠪᠠᠨ ᠡᠰᠡᠷᠬᠦᠴᠡᠵᠦ᠂ ᠤᠯᠠᠨ ᠲᠦᠮᠡᠨ ᠤ | ᠵᠢᠷᠭᠠᠯᠳᠤ ᠠᠮᠢᠳᠦᠷᠠᠯ ᠢ ᠬᠠᠮᠳᠤᠪᠡᠷ ᠬᠠᠮᠠᠭᠠᠯᠠᠬᠤ ᠪᠤᠯᠤᠨ᠎ᠠ︾ ᠬᠡᠵᠦ ᠶᠠᠷᠢᠵᠦ ᠪᠠᠶᠢᠯ᠎ᠠ᠃ ︵ᠰᠦᠨ ᠰᠢᠨ ᠢᠤᠢ︶ | | |