ᠪᠦᠬᠦ ᠠᠶᠢᠮᠠᠭ ᠤᠨ ᠨᠠᠰᠦᠳᠠᠶᠢᠴᠤᠳ ᠤᠨ ᠡᠷᠡᠬᠦᠯ ᠮᠡᠨᠳᠤ ᠶᠢᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2025/6/26
        ᠡᠷᠡᠬᠦᠯ ᠡᠩᠬᠡ ᠬᠢᠨᠭ᠍ᠭᠠᠨ ᠤ ᠪᠠᠶᠢᠭᠤᠯᠤᠯᠳᠠ ᠶᠢ ᠠᠬᠢᠭᠤᠯᠵᠦ᠂ ᠨᠠᠰᠦᠳᠠᠶᠢᠴᠤᠳ ᠤᠨ ᠡᠷᠡᠬᠦᠯ ᠬᠠᠮᠠᠭᠠᠯᠠᠯ ᠤᠨ ᠲᠦᠷᠦ ᠶᠢᠨ ᠪᠤᠳᠤᠯᠭ᠎ᠠ ᠪᠠ ᠰᠢᠨᠵᠢᠯᠡᠬᠦ ᠤᠬᠠᠭᠠᠨ ᠤ ᠮᠡᠳᠡᠯᠬᠡ ᠶᠢ ᠤᠬᠠᠭᠤᠯᠤᠨ ᠲᠦᠬᠡᠮᠡᠯᠵᠢᠬᠦᠯᠵᠦ᠂ ᠪᠦᠬᠦ ᠠᠶᠢᠮᠠᠭ ᠤᠨ ᠨᠠᠰᠦᠳᠠᠶᠢᠴᠤᠳ ᠤᠨ ᠡᠷᠡᠬᠦᠯ ᠬᠠᠮᠠᠭᠠᠯᠠᠯ ᠤᠨ ᠬᠡᠪ ᠪᠤᠯᠪᠠᠰᠦᠷᠠᠯ ᠪᠠ ᠡᠷᠡᠬᠦᠯ ᠮᠡᠨᠳᠤ ᠶᠢᠨ ᠬᠢᠷᠢ ᠲᠦᠪᠰᠢᠨ ᠢ ᠦᠨᠡᠨ ᠬᠦ ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶ᠎ᠠ ᠲᠠᠢ ᠬᠤᠯᠪᠤᠭᠠᠯᠠᠨ᠂ 2025 ᠤᠨ ᠤ ᠨᠠᠰᠦᠳᠠᠶᠢᠴᠤᠳ ᠤᠨ ᠡᠷᠡᠬᠦᠯ ᠮᠡᠨᠳᠤ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠡᠢ᠃        ᠲᠤᠰ ᠤᠳᠠᠭᠠᠨ ᠤ ᠠᠵᠢᠯᠯᠠᠭ᠎ᠠ ᠨᠢ ᠦᠪᠡᠷᠳᠡᠬᠡᠨ ᠵᠠᠰᠠᠬᠤ ᠤᠷᠤᠨ ᠤ ᠨᠠᠰᠦᠳᠠᠶᠢᠴᠤᠳ ᠤᠨ ᠡᠷᠡᠬᠦᠯ ᠮᠡᠨᠳᠤ ᠶᠢ ᠠᠬᠢᠭᠤᠯᠬᠤ ︽ᠲᠠᠪᠦᠨ ᠲᠤᠰᠬᠠᠢ ᠠᠵᠢᠯᠯᠠᠭ᠎ᠠ︾ ᠶᠢ ᠬᠦᠨᠵᠡᠬᠡᠢ ᠦᠷᠨᠢᠬᠦᠯᠵᠦ᠂ ᠨᠠᠰᠦᠳᠠᠶᠢᠴᠤᠳ ᠤᠨ ᠪᠤᠳᠠᠳᠠᠢ ᠱᠠᠭᠠᠷᠳᠠᠯᠭ᠎ᠠ ᠲᠠᠢ ᠤᠶᠠᠯᠳᠤᠭᠤᠯᠤᠨ ᠬᠢᠳᠡᠳ ᠮᠤᠩᠭᠤᠯ ᠡᠮ ᠡᠮᠨᠡᠯᠬᠡ ᠶᠢᠨ ᠬᠠᠮᠢᠶᠠᠷᠦᠯᠳᠠ ᠶᠢ ᠠᠭᠤᠰᠤᠯᠴᠠᠭᠤᠯᠵᠦ᠂ ᠤᠯᠠᠨ ᠬᠡᠯᠪᠡᠷᠢ ᠶᠢᠨ ᠤᠨᠤᠴᠠᠳᠠᠢ ᠦᠢᠯᠡᠴᠢᠯᠡᠭᠡ ᠬᠠᠨᠭ᠍ᠭᠠᠵᠠᠢ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠡᠷᠡᠬᠦᠯ ᠮᠡᠨᠳᠤ ᠶᠢᠨ ᠰᠠᠭᠤᠳᠠᠯ ᠤᠨ ᠬᠤᠷᠠᠯ᠂ ᠡᠷᠡᠬᠦᠯ ᠮᠡᠨᠳᠤ ᠶᠢᠨ ᠠᠯᠪᠠᠨ ᠵᠢᠷᠦᠮ ᠤᠨ ᠡᠮᠴᠢᠯᠡᠭᠡ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠠᠷ ᠨᠠᠰᠦᠳᠠᠶᠢᠴᠤᠳ ᠲᠤ ᠦᠷᠬᠦᠯᠵᠢ ᠲᠤᠬᠢᠶᠠᠯᠳᠤᠬᠤ ᠡᠪᠡᠳᠴᠢᠨ ᠪᠠ ᠪᠠᠴᠢᠮ ᠪᠠᠶᠢᠳᠠᠯ ᠢ ᠠᠷᠭᠠᠴᠠᠭᠠᠨ ᠠᠪᠦᠷᠠᠨ ᠲᠤᠰᠠᠯᠠᠬᠤ ᠵᠡᠷᠭᠡ ᠲᠠᠯ᠎ᠠ ᠶᠢᠨ ᠡᠷᠡᠬᠦᠯ ᠮᠡᠨᠳᠤ ᠶᠢᠨ ᠮᠡᠳᠡᠯᠬᠡ ᠶᠢ ᠤᠬᠠᠭᠤᠯᠤᠨ ᠲᠠᠶᠢᠯᠪᠦᠷᠢᠯᠡᠵᠡᠢ᠃        ᠤᠶᠢᠷ᠎ᠠ ᠶᠢᠨ ᠬᠡᠳᠦᠨ ᠵᠢᠯ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠢᠮᠠᠬᠳᠠ ᠨᠠᠰᠦᠳᠠᠶᠢᠴᠤᠳ ᠤᠨ ᠡᠷᠡᠬᠦᠯ ᠮᠡᠨᠳᠤ ᠶᠢ ᠠᠬᠢᠭᠤᠯᠬᠤ ︽ᠲᠠᠪᠦᠨ ᠲᠤᠰᠬᠠᠢ ᠠᠵᠢᠯᠯᠠᠭ᠎ᠠ︾ ᠪᠠᠷ ᠠᠰᠢᠬᠳᠠᠢ ᠭᠠᠷᠳᠠᠴᠠ ᠪᠤᠯᠭᠠᠵᠦ᠂ ᠤᠯᠤᠰ ᠤᠨ ᠨᠠᠰᠦᠳᠠᠶᠢᠴᠤᠳ ᠤᠨ ᠰᠡᠳᠬᠢᠴᠡ ᠶᠢᠨ ᠡᠷᠡᠬᠦᠯ ᠮᠡᠨᠳᠤ ᠶᠢᠨ ᠬᠠᠯᠠᠮᠵᠢᠯᠠᠯ ᠤᠨ ᠲᠤᠷᠰᠢᠯᠳᠠ ᠶᠢᠨ ᠴᠡᠭ ᠤᠨ ᠰᠢᠶᠠᠨ ᠤ ᠬᠡᠪᠴᠢᠶᠡᠨ ᠳᠤ ᠪᠦᠬᠦᠨ ᠢ ᠬᠠᠮᠦᠷᠬᠤ ᠶᠢ ᠪᠡᠶᠡᠯᠡᠬᠦᠯᠵᠦ᠂ ᠨᠠᠰᠦᠳᠠᠶᠢᠴᠤᠳ ᠤᠨ ᠶᠠᠪᠤᠵᠦ ᠰᠠᠭᠤᠬᠤ ᠴᠢᠳᠠᠪᠦᠷᠢ ᠪᠠ ᠪᠤᠳᠤᠵᠦ ᠰᠡᠳᠬᠢᠬᠦ ᠤᠶᠤᠨ ᠢᠶᠠᠨ ᠠᠯᠳᠠᠬᠤ ᠶᠢ ᠤᠷᠢᠳᠴᠢᠯᠠᠨ ᠰᠡᠷᠬᠡᠶᠢᠯᠡᠵᠦ ᠬᠠᠮᠢᠶᠠᠷᠬᠤ ᠲᠤᠷᠰᠢᠯᠳᠠ ᠶᠢᠨ ᠴᠡᠭ ᠢ ᠪᠠᠶᠢᠭᠤᠯᠵᠦ᠂ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ︽ᠨᠠᠰᠦᠳᠠᠶᠢᠴᠤᠳ ᠤᠨ ᠠᠮᠠᠨ ᠬᠦᠨᠳᠡᠢ ᠶᠢᠨ ᠡᠷᠡᠬᠦᠯ ᠮᠡᠨᠳᠤ ᠶᠢᠨ ᠦᠢᠯᠡᠴᠢᠯᠡᠬᠡᠨ ᠤ ᠦᠷᠳᠡᠭᠡ︾ ᠶᠢᠨ ᠫᠠᠶᠢᠰᠠ ᠡᠯᠬᠦᠵᠦ᠂ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ ᠶᠢ ᠠᠬᠢᠭᠤᠯᠵᠦ᠂ ᠨᠠᠰᠦᠳᠠᠶᠢᠴᠤᠳ ᠲᠤ ᠲᠦᠷᠢᠮᠵᠢᠭᠰᠡᠨ᠂ ᠪᠠᠷᠢᠮᠵᠢᠶᠠᠵᠢᠬᠰᠠᠨ᠂ ᠰᠢᠯᠢᠳᠡᠭ ᠪᠦᠳᠦᠮᠵᠢᠳᠡᠢ ᠡᠷᠡᠬᠦᠯ ᠮᠡᠨᠳᠤ ᠶᠢᠨ ᠦᠢᠯᠡᠴᠢᠯᠡᠭᠡ ᠬᠠᠨᠭ᠍ᠭᠠᠬᠤ ᠪᠠᠷ ᠴᠢᠷᠮᠠᠶᠢᠵᠦ ᠪᠤᠢ᠃        ᠲᠠᠷᠠᠭᠠᠴᠢ ᠪᠠᠷ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ︽ᠲᠠᠪᠦᠨ ᠲᠤᠰᠬᠠᠢ ᠠᠵᠢᠯᠯᠠᠭ᠎ᠠ︾ ᠶᠢ ᠦᠷᠬᠦᠯᠵᠢᠯᠡᠨ ᠦᠷᠬᠡᠨ ᠢᠶᠠᠷ ᠦᠷᠨᠢᠬᠦᠯᠵᠦ᠂ ᠪᠦᠬᠦ ᠠᠶᠢᠮᠠᠭ ᠤᠨ ᠨᠠᠰᠦᠳᠠᠶᠢᠴᠤᠳ ᠤᠨ ᠡᠷᠡᠬᠦᠯ ᠮᠡᠨᠳᠤ ᠶᠢᠨ ᠦᠢᠯᠡᠴᠢᠯᠡᠬᠡᠨ ᠤ ᠬᠢᠷᠢ ᠲᠦᠪᠰᠢᠨ ᠢ ᠲᠠᠰᠦᠷᠠᠯᠳᠠ ᠦᠬᠡᠢ ᠲᠡᠭᠡᠭᠰᠢᠯᠡᠬᠦᠯᠵᠦ᠂ ᠨᠠᠰᠦᠳᠠᠶᠢᠴᠤᠳ ᠤᠨ ᠵᠤᠯ ᠵᠢᠷᠭᠠᠯᠳᠤ ᠲᠦᠷᠦᠭᠳᠡᠯ ᠢ ᠦᠨᠡᠨ ᠭᠦ ᠲᠡᠭᠡᠭᠰᠢᠯᠡᠬᠦᠯᠬᠦ ᠪᠤᠯᠤᠨ᠎ᠠ᠃ ︵ᠬᠠᠨ᠎ᠠ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号