| 6 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ 2025 ᠣᠨ ᠤ 12 ᠳ᠋ᠤᠭᠠᠷ | ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠭᠡᠭᠰᠡᠨ︶ ᠤᠨ ᠬᠤᠷᠠᠯ ᠢ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠯᠪᠣᠭᠳᠠᠯ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠯᠠᠮᠵᠢᠯᠠᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠤᠢ ᠵᠦᠸᠧ ᠬᠤᠷᠠᠯ ᠡᠷᠭᠢᠯᠡᠭᠰᠡᠨ | ᠪᠥᠭᠡᠳ ᠶᠠᠷᠢᠶ᠎ᠠ ᠲᠠᠯᠪᠢᠵᠤ᠂ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠳ | ᠬᠤᠷᠠᠯ ᠳᠤ ᠤᠷᠤᠯᠴᠠᠵᠠᠢ᠃ | ᠬᠤᠷᠠᠯ ᠠᠴᠠ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠦᠷ᠎ᠡ | ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ᠃ ᠲᠤᠮᠳᠡᠳᠥ ᠤᠯᠤᠰ ᠤᠨ ᠡᠪ ᠬᠠᠮᠳᠥ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠤᠪᠴᠢᠶ᠎ᠠ ᠶᠢᠨ ᠪᠠᠶᠢᠩᠭᠤ ᠶᠢᠨ ᠬᠡᠰᠢᠭᠦᠨ᠂ ᠪᠥᠭᠦ ᠤᠯᠤᠰ ᠤᠨ ᠠᠷᠠᠳ ᠤᠨ | ᠲᠥᠯᠥᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠶᠠᠨ ᠲᠠᠷᠤᠭ᠎ᠠ ᠵᠤᠤ ᠯᠤ᠋ ᠵᠶᠢ ᠶᠢᠨ | ᠥᠪᠥᠷ ᠮᠣᠩᠭᠤᠯ ᠳᠤ ᠢᠷᠡᠵᠦ ᠪᠠᠶᠢᠴᠠᠭᠠᠨ ᠰᠤᠳᠤᠯᠬᠤ ᠪᠠ ᠬᠠᠤᠯᠢ ᠬᠡᠷᠡᠭᠵᠢᠬᠦᠯᠦᠯᠳᠡ ᠶᠢᠨ ᠪᠠᠶᠢᠴᠠᠭᠠᠯᠳᠠ | ᠦᠷᠨᠢᠬᠦᠯᠬᠦ ᠲᠤᠬᠠᠢ ᠶᠠᠷᠢᠶᠠᠨ ᠤ ᠵᠤᠷᠢᠭ ᠰᠠᠨᠠᠭ᠎ᠠ᠂ ᠰᠦᠨ ᠱᠤᠤ ᠴᠧᠩ ᠱᠦᠵᠢ ᠶᠢᠨ ᠬᠢᠩᠭᠠᠨ ᠠᠶᠢᠮᠠᠭ ᠲᠤ | ᠪᠠᠶᠢᠴᠠᠭᠠᠨ ᠰᠤᠳᠤᠯᠵᠦ ᠶᠠᠷᠢᠯᠴᠠᠬᠤ ᠬᠤᠷᠠᠯ ᠲᠡᠭᠡᠷᠡᠬᠢ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ | ᠲᠠᠯᠪᠢᠬᠤ ᠠᠵᠢᠯ ᠪᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠤᠷᠤᠯᠴᠠᠯᠭ᠎ᠠ ᠶᠢᠨ | ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠲᠠᠬᠢᠨ ᠬᠦᠴᠦᠯᠡᠵᠦ᠂ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠬᠤ | ᠲᠠᠯ᠎ᠠ ᠪᠠᠷ ᠲᠠᠬᠢᠨ ᠬᠦᠴᠦᠯᠡᠵᠦ᠂ ᠦᠭᠡᠷᠡᠴᠢᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ | ᠲᠠᠬᠢᠨ ᠬᠦᠴᠦᠯᠡᠵᠦ᠂ ᠰᠤᠷᠤᠯᠴᠠᠬᠤ ᠪᠠᠶᠢᠴᠠᠭᠠᠬᠤ ᠦᠭᠡᠷᠡᠴᠢᠯᠡᠨ ᠰᠠᠶᠢᠵᠢᠷᠠᠭᠤᠯᠬᠤ ᠶᠢ ᠨᠢᠭᠡ ᠴᠤᠭᠴᠠᠭᠤᠯᠤᠨ | ᠠᠬᠢᠭᠤᠯᠵᠦ᠂ ᠰᠤᠷᠤᠯᠴᠠᠯᠭ᠎ᠠ ᠬᠥᠮᠦᠵᠢᠯ ᠴᠡᠭᠴᠡᠯᠡᠨ ᠰᠠᠶᠢᠵᠢᠷᠠᠭᠤᠯᠬᠤ ᠠᠵᠢᠯ᠂ ᠬᠡᠯᠪᠡᠷᠢᠴᠢ ᠦᠵᠡᠯ ᠢ ᠴᠡᠭᠴᠡᠯᠡᠨ | ᠵᠠᠰᠠᠬᠤ ᠶᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠪᠠ ᠲᠦᠪᠯᠡᠷᠡᠬᠦᠯᠦᠨ ᠴᠡᠭᠴᠡᠯᠡᠨ | ᠵᠠᠰᠠᠬᠤ ᠶᠢ ᠪᠤᠳᠠᠳᠠᠢ ᠠᠵᠢᠯ ᠤᠨ ᠲᠤᠮᠳᠠ ᠨᠢᠭᠡᠳᠦᠯᠳᠡᠢ ᠲᠦᠯᠦᠪᠵᠢᠬᠦᠯᠦᠨ ᠨᠠᠶᠢᠳᠠᠪᠤᠷᠢᠵᠢᠭᠤᠯᠵᠦ᠂ ᠰᠤᠷᠤᠯᠴᠠᠯᠭ᠎ᠠ | ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠪᠡ᠃ | ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠬᠦᠨ ᠬᠤᠷᠠᠯ ᠳᠤ ᠰᠤᠯᠠ ᠣᠷᠣᠯᠴᠠᠪᠠ᠃ | ︵ᠵᠤᠤ ᠯᠢᠶᠠᠩ︶ | | |