| ᠨᠠᠰᠤᠲᠠᠶᠢᠴᠤᠳ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠰᠠᠶᠢᠳᠤᠷ ᠬᠠᠮᠠᠭᠠᠯᠠᠬᠤ ᠪᠠᠷ᠂ ᠬᠢᠩᠭᠠᠨ ᠠᠶᠢᠮᠠᠭ ᠤᠨ | ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ︽ᠬᠠᠤᠯᠢ ᠴᠠᠭᠠᠵᠠ ᠪᠠᠷ ᠨᠠᠰᠤᠳᠠᠶᠢᠴᠤᠳ ᠢ ᠬᠠᠮᠠᠭᠠᠯᠠᠬᠤ︾ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠠᠰᠤᠲᠠᠶᠢᠴᠤᠳ ᠤᠨ | ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠦᠨᠡᠨᠬᠦ ᠨᠡᠮᠡᠭᠳᠡᠭᠦᠯᠪᠡ᠃ | ︽ᠨᠠᠰᠤᠲᠠᠨ ᠢᠶᠠᠨ ᠬᠠᠷᠠᠭᠠᠯᠵᠠᠬᠤ ᠦᠢᠯᠡᠴᠢᠯᠡᠭᠡ︾ ᠨᠢ ᠨᠠᠰᠤᠳᠠᠶᠢᠴᠤᠳ ᠤᠨ ᠰᠡᠳᠬᠢᠯ ᠢ | ᠳᠤᠯᠠᠭᠠᠴᠠᠭᠤᠯᠤᠨ᠎ᠠ᠃ ᠬᠢᠨᠭ᠍ᠭᠠᠨ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ︽ᠳᠡᠮᠵᠢᠬᠦ | ᠴᠢᠬᠤᠯᠠᠳᠠᠢ ᠶᠢ ᠨᠢ ᠴᠢᠳᠠᠬᠤ ᠶᠢᠨ ᠬᠢᠷᠢ ᠪᠠᠷ ᠳᠡᠮᠵᠢᠬᠦ︾ ᠠᠵᠢᠯ ᠤᠨ ᠵᠣᠷᠢᠯᠲᠠ ᠶᠢ ᠢᠮᠠᠭᠲᠠ ᠪᠠᠷᠢᠮᠲᠠᠯᠠᠵᠤ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠰᠢᠨ᠎ᠡ ᠬᠡᠯᠪᠡᠷᠢ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠪᠡ᠃ ᠨᠢᠭᠡ ᠳᠤ᠂ | ᠨᠠᠰᠤᠲᠠᠶᠢᠴᠤᠳ ᠲᠤ ᠳᠤᠰᠠᠯᠠᠮᠵᠢ ᠳᠡᠮᠵᠢᠯᠭᠡ ᠦᠵᠡᠬᠦᠯᠬᠦ ᠶᠢ ᠵᠢᠯ ᠤᠨ ᠠᠵᠢᠯ ᠤᠨ ᠢᠶᠠᠨ ᠭᠤᠤᠯ ᠠᠭᠤᠯᠭ᠎ᠠ ᠪᠤᠯᠭᠠᠵᠦ | ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠨᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠬᠦ ᠶᠢᠨ ᠬᠠᠮᠲᠤ | ᠥᠨᠳᠥᠷ ᠨᠠᠰᠤᠲᠠᠶ᠂ ᠡᠪᠡᠳᠴᠢᠨ ᠡᠮᠭᠡᠭ ᠲᠠᠢ ᠵᠡᠮᠳᠡᠭ ᠨᠠᠰᠤᠲᠠᠶᠢᠴᠤᠳ ᠲᠤ ︽ᠭᠤᠷᠪᠠᠨ ᠰᠢᠯᠢᠳᠡᠭ ᠨᠢᠭᠡ ᠦᠨᠳᠦᠷ︾ | ︵ᠥᠨᠳᠥᠷ ᠨᠠᠰᠤᠲᠠᠶ ᠪᠠ ᠬᠦᠨᠳᠦ ᠡᠪᠡᠳᠴᠢᠨ ᠲᠠᠢ ᠨᠠᠰᠤᠲᠠᠶᠢᠴᠤᠳ ᠲᠤ ᠴᠢᠭᠯᠡᠭᠦᠯᠦᠨ᠂ ᠤᠷᠢᠳᠠᠪᠠᠷ ᠭᠥᠯᠢᠶᠡᠨ | ᠠᠪᠬᠤ᠂ ᠤᠷᠢᠳᠠᠪᠠᠷ ᠬᠢᠨᠠᠨ ᠵᠥᠪᠰᠢᠶᠡᠷᠡᠬᠦ᠂ ᠤᠷᠢᠳᠠᠪᠠᠷ ᠭᠦᠢᠴᠡᠳᠭᠡᠬᠦ ᠵᠠᠭᠪᠤᠷ︶ ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡ ᠬᠠᠩᠭᠠᠪᠠ᠃ ᠬᠤᠶᠠᠷ ᠲᠤ᠂ ᠨᠠᠰᠤᠲᠠᠶᠢᠴᠤᠳ ᠤᠨ ᠡᠯ᠎ᠡ ᠲᠥᠷᠥᠯ ᠤᠨ ᠬᠡᠷᠡᠭ ᠢ ᠭᠥᠯᠢᠶᠡᠨ ᠠᠪᠴᠤ | ᠰᠢᠢᠳᠪᠦᠷᠢᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠤᠨᠴᠠᠭᠠᠶᠢᠯᠠᠨ ᠨᠠᠰᠤᠲᠠᠶᠢᠴᠤᠳ ᠢ ᠠᠰᠠᠷᠠᠨ ᠲᠡᠵᠢᠭᠡᠬᠦ | ᠵᠢᠭᠤᠷᠠᠯᠳᠤᠭᠠᠨ᠂ ᠡᠳ᠋ ᠬᠥᠷᠥᠩᠭᠡ ᠶᠢ ᠵᠠᠯᠭᠠᠮᠵᠢᠯᠠᠬᠤ ᠪᠠ ᠰᠠᠯᠭᠠᠬᠤ ᠵᠢᠭᠤᠷᠠᠯᠳᠤᠭᠠᠨ ᠵᠢᠴᠢ ᠨᠡᠶᠢᠭᠡᠮ ᠤᠨ | ᠪᠠᠲᠤᠯᠠᠭ᠎ᠠ ᠶᠢᠨ ᠡᠷᠬᠡ ᠠᠰᠢᠭ ᠤᠨ ᠵᠢᠭᠤᠷᠠᠯᠳᠤᠭᠠᠨ ᠵᠡᠷᠭᠡ ᠬᠡᠷᠡᠭ ᠢ ᠴᠢᠬᠤᠯᠠᠴᠢᠯᠠᠵᠤ᠂ ᠨᠠᠰᠤᠲᠠᠶᠢᠴᠤᠳ ᠤᠨ | ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠠᠢ᠃ ᠣᠲᠣᠬᠠᠨ ᠪᠣᠯᠲᠠᠯ᠎ᠠ᠂ ᠬᠢᠨᠭ᠍ᠭᠠᠨ ᠠᠶᠢᠮᠠᠭ ᠤᠨ | ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠠᠴᠠ ᠨᠠᠰᠤᠲᠠᠶᠢᠴᠤᠳ ᠤᠨ ᠬᠠᠤᠯᠢ ᠴᠠᠭᠠᠵᠠ ᠶᠢᠨ | ᠲᠤᠰᠠᠯᠠᠮᠵᠢ ᠶᠢᠨ ᠬᠡᠷᠡᠭ ᠢ ᠨᠡᠶᠢᠲᠡ 42 ᠬᠤᠪᠢ ᠭᠥᠯᠢᠶᠡᠨ ᠠᠪᠴᠤ᠂ ᠲᠤᠰᠠᠯᠠᠮᠵᠢ ᠬᠦᠷᠲᠡᠭᠰᠡᠨ ᠬᠥᠮᠥᠨ ᠤ ᠲᠤᠭ᠎ᠠ | 42 ᠤᠳᠠᠭ᠎ᠠ ᠳᠤ ᠬᠦᠷᠴᠡᠢ᠃ | ︽ᠨᠠᠰᠤᠲᠠᠨ ᠢᠶᠠᠨ ᠬᠠᠮᠠᠭᠠᠯᠠᠬᠤ ᠬᠠᠯᠬᠠᠪᠴᠢ︾ ᠶᠢ ᠨᠠᠩ ᠪᠠᠲᠤᠳᠬᠠᠨ᠎ᠠ᠃ ᠬᠢᠨᠭ᠍ᠭᠠᠨ ᠠᠶᠢᠮᠠᠭ ᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠨᠢ ᠬᠠᠤᠯᠢ ᠴᠠᠭᠠᠵᠠ ᠶᠢᠨ ᠲᠤᠰᠠᠯᠠᠮᠵᠢ ᠶᠢᠨ ︽ᠲᠠᠪᠤ ᠶᠢ ᠣᠷᠣᠭᠤᠯᠬᠤ︾ | ᠠᠵᠢᠯᠯᠠᠭ᠎ᠠ ᠶᠢ ᠦᠷᠨᠢᠬᠦᠯᠤᠨ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠤᠨ ᠠᠵᠢᠯᠲᠠᠨ᠂ ᠬᠠᠤᠯᠢᠴᠢ᠂ | ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠵᠡᠷᠭᠡ ᠬᠦᠴᠦᠨ ᠢ ᠡᠮᠬᠢᠯᠡᠨ | ᠨᠡᠶᠢᠯᠡᠭᠦᠯᠵᠦ᠂ ᠲᠤᠰᠬᠠᠶ ᠮᠡᠷᠭᠡᠵᠢᠯ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠪᠡ᠃ ︽ᠬᠠᠤᠯᠢ ᠴᠠᠭᠠᠵᠠ ᠶᠢᠨ | ᠳᠤᠰᠠᠯᠠᠮᠵᠢ ᠶᠢᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠦᠢᠯᠡᠴᠢᠯᠡᠭᠡ ᠶᠢ ᠨᠡᠶᠢᠭᠡᠮ ᠲᠣᠭᠤᠷᠢᠭ ᠪᠠ | ᠬᠥᠳᠡᠭᠡ ᠲᠣᠰᠬᠤᠨ ᠳᠤ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠬᠦ ᠪᠠᠷ | ᠳᠠᠮᠵᠢᠭᠤᠯᠤᠨ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ᠂ ᠨᠡᠶᠢᠭᠡᠮ ᠲᠣᠭᠤᠷᠢᠭ ᠪᠠ ᠲᠣᠰᠬᠤᠨ ᠤ | ᠺᠠᠳ᠋ᠷᠴᠤᠳ ᠲᠠᠢ ᠬᠤᠯᠪᠣᠭᠠᠯᠠᠨ ᠬᠥᠳᠡᠯᠦᠯᠴᠡᠵᠦ᠂ ᠨᠠᠰᠤᠲᠠᠶᠢᠴᠤᠳ ᠤᠨ ᠮᠡᠬᠡᠯᠡᠯ ᠳᠤ ᠤᠴᠠᠷᠠᠬᠤ᠂ ᠭᠡᠷᠢᠶᠡᠰ ᠢ | ᠰᠢᠢᠳᠪᠦᠷᠢᠯᠡᠬᠦ᠂ ᠤᠷᠤᠬ ᠬᠤᠷᠢᠮ ᠵᠡᠷᠭᠡ ᠪᠠᠶᠢᠩᠭᠤ ᠲᠣᠬᠢᠶᠠᠯᠳᠤᠬᠤ ᠬᠠᠤᠯᠢ ᠴᠠᠭᠠᠵᠠ ᠶᠢᠨ ᠠᠰᠠᠭᠤᠳᠠᠯ ᠤᠨ | ᠲᠣᠭᠤᠷᠢᠨ ᠳᠤ ᠬᠠᠤᠯᠢ ᠲᠦᠭᠡᠮᠡᠯᠵᠢᠭᠦᠯᠬᠦ ᠲᠠᠶᠢᠯᠤᠮᠵᠢ ᠪᠠ ᠬᠠᠤᠯᠢ ᠴᠠᠭᠠᠵᠠ ᠶᠢᠨ ᠵᠥᠪᠯᠡᠯᠭᠡ ᠦᠭᠴᠦ᠂ | ᠨᠠᠰᠤᠳᠠᠶᠢᠴᠤᠳ ᠤᠨ ᠡᠷᠬᠡ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ | ᠪᠣᠯᠲᠠᠯ᠎ᠠ᠂ ᠪᠥᠬᠦ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠤᠨ ᠬᠢᠨ 168 ᠡᠷᠦᠬᠡ ᠳᠤ | ᠬᠦᠷᠴᠦ ᠰᠤᠷᠪᠤᠯᠵᠢᠯᠠᠨ᠂ ᠵᠥᠷᠢᠴᠡᠯ ᠵᠢᠭᠤᠷᠠᠯᠳᠤᠭᠠᠨ ᠢ 8 ᠤᠳᠠᠭ᠎ᠠ ᠨᠠᠮᠳᠠᠭᠤᠯᠵᠤ᠂ ᠬᠠᠤᠯᠢ ᠴᠠᠭᠠᠵᠠ ᠶᠢᠨ | ᠦᠢᠯᠡᠴᠢᠯᠡᠭᠡ ᠶᠢ 170 ᠤᠳᠠᠭ᠎ᠠ ᠬᠠᠩᠭᠠᠵᠤ᠂ ᠬᠠᠤᠯᠢ ᠴᠠᠭᠠᠵᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ 34 | ᠲᠠᠯᠠᠪᠤᠷ ᠥᠷᠨᠢᠭᠦᠯᠪᠡ᠃ | ︽ᠨᠠᠰᠤᠳᠠᠨ ᠤ ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠠᠴᠠ ᠪᠥᠬᠦ ᠠᠶᠢᠮᠠᠭ ᠤᠨ ᠬᠠᠤᠯᠢ | ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠤᠨ ᠣᠯᠠᠨ ᠲᠠᠯ᠎ᠠ ᠶᠢᠨ ᠬᠦᠴᠦᠨ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ | ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯᠲᠠᠨ᠂ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠠᠵᠢᠯᠲᠠᠨ᠂ | ᠬᠠᠤᠯᠢᠴᠢ ᠵᠡᠷᠭᠡ ᠪᠠᠷ ᠪᠦᠷᠢᠯᠳᠦᠭᠰᠡᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ ᠶᠢ ᠵᠣᠬᠢᠶᠠᠨ ᠪᠠᠶᠢᠭᠤᠯᠪᠠ᠃ ᠳᠠᠷᠠᠭ᠎ᠠ ᠳᠤᠨᠢ ᠨᠡᠶᠢᠭᠡᠮ ᠲᠣᠭᠤᠷᠢᠭ᠂ ᠨᠠᠰᠤᠲᠠᠨ ᠢ ᠠᠰᠠᠷᠠᠬᠤ ᠬᠦᠷᠢᠶᠡᠯᠡᠩ | ᠵᠡᠷᠭᠡ ᠲᠠᠯᠠᠪᠤᠷ ᠲᠤ ᠭᠦᠨᠵᠡᠭᠡᠶᠢᠷᠡᠨ᠂ ᠬᠠᠤᠯᠢ ᠴᠠᠭᠠᠵᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ᠂ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠣᠯᠠᠨ ᠵᠦᠢᠯ ᠤᠨ ᠬᠡᠯᠪᠡᠷᠢ ᠪᠠᠷ | ᠳᠠᠮᠵᠢᠭᠤᠯᠤᠨ᠂ ᠨᠠᠰᠤᠲᠠᠶᠢᠴᠤᠳ ᠲᠤ ᠪᠥᠬᠦ ᠲᠠᠯ᠎ᠠ ᠶᠢᠨ ᠨᠠᠷᠢᠯᠢᠭ ᠣᠨᠣᠴᠠᠲᠠᠶ ᠬᠠᠤᠯᠢ ᠴᠠᠭᠠᠵᠠ ᠶᠢᠨ | ᠲᠤᠰᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠬᠠᠩᠭᠠᠵᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨᠬᠦ ᠪᠠᠲᠤᠯᠠᠵᠤ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃ | ᠬᠢᠩᠭᠠᠨ ᠠᠶᠢᠮᠠᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠰᠲ᠋ᠧᠮ ᠦᠷᠭᠦᠯᠵᠢᠯᠡᠨ ᠲᠤᠰᠠᠯᠠᠮᠵᠢ | ᠦᠵᠡᠭᠦᠯᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠬᠡᠯᠪᠡᠷᠢ ᠪᠠᠨ ᠲᠠᠰᠤᠷᠠᠯᠲᠠ ᠥᠬᠡᠶ | ᠰᠢᠨᠡᠴᠢᠯᠡᠵᠦ᠂ ᠨᠠᠰᠤᠲᠠᠶᠢᠴᠤᠳ ᠲᠤ ᠲᠠᠰᠤᠷᠠᠯᠲᠠ ᠥᠬᠡᠶ ᠴᠢᠨᠠᠷ ᠰᠠᠶᠢᠲᠠᠶ᠂ ᠥᠨᠳᠥᠷ ᠪᠦᠲᠦᠮᠵᠢᠲᠡᠶ᠂ ᠳᠥᠭᠦᠮ | ᠳᠥᠲᠡ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠨᠠᠰᠤᠳᠠᠶᠢᠴᠤᠳ ᠤᠨ ᠦᠳᠡᠯᠦᠭᠡ ᠨᠠᠰᠤᠨ ᠤ | ᠠᠮᠢᠳᠤᠷᠠᠯ ᠳᠤ ᠬᠠᠤᠯᠢ ᠴᠠᠭᠠᠵᠠ ᠶᠢᠨ ᠪᠠᠳᠤᠯᠠᠭ᠎ᠠ ᠬᠠᠨᠭ᠍ᠭᠠᠬᠤ ᠪᠤᠯᠤᠨ᠎ᠠ᠃ ᠬᠣ᠋ ᡁᠢ ᠮᠢᠨ ᠵᠤᠤ ᠢ ᠰᠢᠨ ᠮᠡᠳᠡᠭᠡᠯᠡᠪᠡ | | |