ᠬᠢᠩᠭᠠᠨ ᠠᠶᠢᠮᠠᠭ ᠦᠯᠦ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠪᠠᠩᠬᠢ ᠠᠯᠤᠰᠯᠠᠨ ᠬᠦᠢᠴᠡᠳᠭᠡᠬᠦ ᠳᠤ ︽ᠪᠠᠷᠢᠴᠠᠭ᠎ᠠ ᠲᠠᠢ ᠪᠠᠷ ᠨᠢ ᠡᠷᠦᠬᠡ ᠰᠢᠯᠵᠢᠭᠦᠯᠬᠦ︾ ᠶᠢ ᠠᠩᠬᠠᠳᠠᠭᠴᠢ ᠤᠳᠠᠭ᠎ᠠ ᠪᠡᠶᠡᠯᠡᠭᠦᠯᠪᠡ
ᠨᠡᠶᠢᠲᠡᠯᠡᠭᠰᠡᠨ ᠴᠠᠭ᠄
2025/6/26
        ᠣᠶᠢᠷ᠎ᠠ ᠳᠤ᠂ ᠬᠢᠩᠭᠠᠨ ᠠᠶᠢᠮᠠᠭ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠬᠤᠶᠠᠷ ᠱᠠᠲᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠪᠠᠶᠢᠭᠤᠯᠤᠮᠵᠢ᠂ ᠠᠶᠢᠮᠠᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠳᠠᠬᠢ ᠬᠤᠪᠢᠶᠠᠷᠢ ᠪᠠᠩᠬᠢ ᠲᠠᠢ ᠬᠠᠮᠲᠤᠷᠠᠨ᠂ ᠪᠥᠬᠦ ᠠᠶᠢᠮᠠᠭ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠪᠠᠩᠬᠢ ᠠᠯᠤᠰᠯᠠᠨ ᠬᠦᠢᠴᠡᠳᠭᠡᠬᠦ ᠳᠤ ︽ᠪᠠᠷᠢᠴᠠᠭ᠎ᠠ ᠲᠠᠢ ᠪᠠᠷ ᠨᠢ ᠡᠷᠦᠬᠡ ᠰᠢᠯᠵᠢᠭᠦᠯᠬᠦ︾ ᠶᠢ ᠠᠩᠬᠠᠳᠠᠭᠴᠢ ᠤᠳᠠᠭ᠎ᠠ ᠠᠮᠵᠢᠯᠲᠠ ᠲᠠᠢ ᠪᠡᠶᠡᠯᠡᠬᠦᠯᠵᠤ᠂ ᠣᠯᠠᠨ ᠲᠦᠮᠡᠨ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ᠂ ᠠᠮᠤᠷ ᠲᠦᠪᠰᠢᠨ ᠦᠢᠯᠡᠴᠢᠯᠡᠭᠡ ᠬᠠᠨᠭ᠍ᠭᠠᠵᠠᠢ᠃        ᠦᠢᠷ᠎ᠠ ᠶᠢᠨ ᠡᠳᠤᠷ᠂ ᠨᠢᠭᠡᠨ ᠭᠡᠷ ᠬᠥᠷᠥᠩᠭᠡ ᠶᠢᠨ ᠠᠷᠠᠯᠵᠢᠶᠠᠨ ᠤ ᠳᠤᠮᠳᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠰᠠᠭᠤᠭᠠᠯᠢ ᠠᠷᠠᠳ ᠯᠠᠢ ᠨᠠᠷᠠᠰᠤ ᠶᠢᠨ ᠬᠤᠳᠠᠯᠳᠤᠬᠤ ᠪᠠᠷ ᠪᠠᠶᠢᠭ᠎ᠠ ᠭᠡᠷ ᠪᠠᠶᠢᠰᠢᠩ ᠨᠢ ᠳᠡᠬᠦᠨ ᠤ ᠪᠠᠩᠬᠢ ᠶᠢᠨ ᠵᠢᠭᠡᠯᠡᠯᠭᠡ ᠪᠠᠨ ᠪᠤᠴᠠᠭᠠᠵᠦ ᠪᠠᠷᠠᠭᠠᠳᠤᠢ᠂ ᠭᠡᠲᠡᠯ᠎ᠡ ᠭᠡᠷ ᠢ ᠬᠤᠳᠠᠯᠳᠤᠨ ᠠᠪᠤᠭᠴᠢ ᠴᠣᠯᠮᠣᠨ ᠵᠢᠭᠡᠯᠡᠯᠭᠡ ᠪᠠᠷ ᠳᠠᠮᠵᠢᠨ ᠭᠡᠷ ᠪᠠᠶᠢᠰᠢᠩ ᠬᠤᠳᠠᠯᠳᠤᠨ ᠠᠪᠬᠤ ᠪᠠᠷ ᠪᠤᠯᠵᠠᠢ᠃ ᠡᠨᠡ ᠬᠦ ᠪᠠᠶᠢᠳᠠᠯ ᠲᠤᠤᠷ᠎ᠠ ᠠᠶᠢᠮᠠᠭ ᠪᠣᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠷ ᠱᠠᠲᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠨᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ᠂ ᠬᠤᠶᠠᠷ ᠲᠠᠯ᠎ᠠ ᠶᠢᠨ ᠵᠢᠭᠡᠯᠡᠯᠭᠡ ᠶᠢᠨ ᠪᠠᠩᠬᠢ ᠲᠠᠢ ᠬᠠᠮᠵᠢᠯᠴᠠᠨ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠬᠦ ᠦᠢᠯᠡᠴᠢᠯᠡᠭᠡᠨ ᠤ ᠲᠣᠭᠲᠠᠴᠠ ᠶᠢ ᠡᠬᠢᠯᠡᠭᠦᠯᠪᠡ᠃ ᠡᠯ᠎ᠡ ᠰᠠᠯᠠᠭ᠎ᠠ ᠮᠥᠴᠢᠷ ᠤᠳ ᠪᠠᠷᠢᠮᠵᠢᠶᠠᠵᠢᠭᠤᠯᠤᠭᠰᠠᠨ ᠶᠠᠪᠤᠴᠠ ᠶᠢ ᠴᠢᠩᠭ᠎ᠠ ᠵᠢᠷᠤᠮᠯᠠᠨ ᠠᠵᠢᠯᠯᠠᠵᠤ᠂ ᠨᠢᠭᠲᠠ ᠬᠠᠮᠵᠢᠯᠴᠠᠨ᠂ ᠪᠠᠷᠢᠴᠠᠭᠠᠯᠠᠬᠤ ᠡᠷᠬᠡ ᠶᠢ ᠰᠢᠯᠵᠢᠭᠦᠯᠦᠨ ᠥᠭᠬᠦ᠂ ᠳᠥᠷᠪᠡᠨ ᠲᠠᠯ᠎ᠠ ᠶᠢᠨ ᠬᠡᠯᠡᠯᠴᠡᠭᠡᠷ ᠲᠣᠭᠲᠠᠵᠤ᠂ ᠳᠠᠩᠰᠠᠯᠠᠭᠤᠯᠬᠤ ᠪᠠᠷ ᠭᠤᠶᠤᠴᠢᠯᠠᠬᠤ᠂ ᠬᠢᠨᠠᠨ ᠬᠠᠷᠭᠤᠭᠤᠯᠵᠤ ᠦᠨᠡᠮᠯᠡᠯ ᠣᠯᠭᠤᠬᠤ ᠬᠦᠷᠲᠡᠯ᠎ᠡ᠂ ᠡᠯ᠎ᠡ ᠭᠤᠭᠴᠤᠭ᠎ᠠ ᠶᠢ ᠵᠠᠪᠰᠠᠷ ᠥᠬᠡᠶ ᠵᠣᠯᠭᠠᠭᠤᠯᠬᠤ ᠶᠢ ᠪᠡᠶᠡᠯᠡᠭᠦᠯᠵᠠᠢ᠃ ᠲᠣᠰ ᠤᠳᠠᠭᠠᠨ ᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠠᠪᠤᠴᠠ ᠳᠤᠮᠳᠠ᠂ ᠥᠯᠥ ᠬᠥᠳᠡᠯᠬᠦ ᠬᠥᠷᠥᠩᠭᠡ ᠶᠢᠨ ᠠᠷᠠᠯᠵᠢᠶᠠᠨ ᠤ ︽ᠭᠤᠭᠴᠤᠭ᠎ᠠ ᠶᠢ ᠪᠠᠭᠠᠰᠬᠠᠬᠤ ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠥᠪᠡᠷ ᠤᠨ ᠥᠷᠲᠡᠭ ᠢ ᠪᠠᠭᠤᠷᠠᠭᠤᠯᠬᠤ︾ ᠥᠭᠡᠷᠡᠴᠢᠯᠡᠯᠲᠡ ᠶᠢᠨ ᠬᠠᠷᠠᠯᠲᠠ ᠶᠢ ᠪᠡᠶᠡᠯᠡᠭᠦᠯᠪᠡ᠃        ︽ᠥᠩᠭᠡᠷᠡᠭᠰᠡᠨ ᠳᠤ ᠪᠠᠩᠬᠢ ᠶᠢᠨ ᠵᠢᠭᠡᠯᠡᠯᠭᠡ ᠪᠠᠷ ᠪᠠᠷᠢᠴᠠᠭᠠᠯᠠᠭᠰᠠᠨ ᠥᠯᠥ ᠬᠥᠳᠡᠯᠬᠦ ᠬᠥᠷᠥᠩᠭᠡ ᠶᠢᠨ ᠠᠷᠠᠯᠵᠢᠶ᠎ᠠ ᠳᠤ ᠬᠤᠯᠪᠣᠭᠳᠠᠪᠠᠯ᠂ ᠬᠤᠳᠠᠯᠳᠤᠭᠴᠢ ᠡᠷᠬᠡᠪᠰᠢ ᠤᠷᠢᠳᠠᠪᠠᠷ ᠪᠡᠯᠡ ᠮᠥᠩᠭᠦ ᠴᠤᠭᠯᠠᠭᠤᠯᠤᠨ ᠵᠢᠭᠡᠯᠡᠯᠭᠡ ᠪᠠᠨ ᠲᠥᠯᠥᠵᠦ᠂ ᠪᠠᠷᠢᠴᠠᠭ᠎ᠠ ᠶᠢ ᠬᠦᠴᠦᠨ ᠦᠭᠡᠢ ᠪᠣᠯᠭᠠᠭᠰᠠᠨ ᠤ ᠳᠠᠷᠠᠭ᠎ᠠ ᠰᠠᠶ᠋ᠢ ᠡᠷᠦᠬᠡ ᠰᠢᠯᠵᠢᠭᠦᠯᠬᠦ ᠭᠠᠷ ᠭᠦᠢᠴᠡᠳᠭᠡᠯ ᠢ ᠭᠦᠢᠴᠡᠳᠭᠡᠵᠦ ᠪᠣᠯᠣᠨ᠎ᠠ᠃ ᠡᠨᠡ ᠨᠢ ᠶᠠᠷᠰᠢᠭ ᠲᠦᠪᠡᠭ ᠲᠠᠢ ᠪᠠᠷ ᠪᠠᠷᠠᠬᠤ ᠦᠭᠡᠶ᠂ ᠪᠡᠯᠡ ᠮᠥᠩᠭᠦ ᠶᠢᠨ ᠳᠠᠷᠤᠯᠲᠠ ᠪᠠ ᠠᠷᠠᠯᠵᠢᠶᠠᠨ ᠤ ᠲᠦᠭᠰᠢᠭᠦᠷᠢ ᠶᠢ ᠴᠤ ᠠᠮᠠᠷᠬᠠᠨ ᠪᠤᠶ ᠪᠤᠯᠭᠠᠨ᠎ᠠ᠃ ︿ᠪᠠᠩᠬᠢ ᠠᠯᠤᠰᠯᠠᠨ ᠡᠷᠦᠬᠡ ᠰᠢᠯᠵᠢᠭᠦᠯᠬᠦ﹀ ᠰᠢᠨ᠎ᠡ ᠵᠠᠭᠪᠤᠷ ᠨᠢ ᠤᠯᠠᠮᠵᠢᠯᠠᠯᠲᠤ ᠲᠤᠬᠠᠶᠢᠯᠠᠭᠰᠠᠨ ᠠᠵᠢᠯ ᠤᠨ ᠪᠠᠬᠢᠯᠡᠯᠲᠡ ᠶᠢ ᠡᠪᠳᠡᠵᠦ᠂ ᠤᠤᠯ ᠤᠨ ᠪᠠᠷᠢᠴᠠᠭᠠᠯᠠᠬᠤ ᠳᠡᠩᠰᠡᠯᠡᠯᠲᠡ ᠶᠢᠨ ᠵᠢᠭᠡᠯᠡᠯᠭᠡ ᠶᠢ ᠤᠷᠢᠳᠴᠢᠯᠠᠨ ᠪᠤᠴᠠᠭᠠᠬᠤ ᠥᠬᠡᠶ ᠪᠠᠶᠢᠬᠤ ᠤᠷᠢᠲᠠᠯ ᠳᠣᠤᠷ᠎ᠠ᠂ ᠥᠯᠥ ᠬᠥᠳᠡᠯᠬᠦ ᠬᠥᠷᠥᠩᠭᠡ ᠶᠢᠨ ᠥᠮᠴᠢᠯᠡᠯ ᠤᠨ ᠡᠷᠬᠡ ᠶᠢᠨ ᠰᠢᠯᠵᠢᠭᠦᠯᠬᠦ ᠳᠡᠩᠰᠡᠯᠡᠯᠲᠡ ᠶᠢ ᠰᠢᠭᠤᠳ ᠪᠡᠶᠡᠯᠡᠭᠦᠯᠬᠦ ᠶᠢᠨ ᠬᠠᠮᠲᠤ ᠪᠠᠷᠢᠴᠠᠭᠠᠯᠠᠬᠤ ᠡᠷᠬᠡ ᠶᠢᠨ ᠬᠤᠪᠢᠷᠠᠭᠤᠯᠤᠯᠲᠠ ᠶᠢ ᠵᠡᠷᠭᠡ ᠪᠠᠷ ᠪᠡᠶᠡᠯᠡᠭᠦᠯᠵᠦ᠂ ᠠᠷᠠᠯᠵᠢᠶᠠᠨ ᠤ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠪᠡ︾ ᠭᠡᠵᠦ ᠬᠢᠩᠭᠠᠨ ᠠᠶᠢᠮᠠᠭ ᠤᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠤᠨ ᠡᠷᠬᠢᠯᠡᠭᠴᠢ ᠸᠠᠩ ᠱᠦ ᠮᠢᠨ ᠲᠠᠨᠢᠯᠴᠠᠭᠤᠯᠵᠠᠢ᠃ ︵ᠯᠢ ᠤᠭ᠍ᠶᠦ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号