ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠲᠤᠪᠴᠢᠶ᠎ᠠ ᠠᠵᠢᠯ ᠤᠯᠭᠤᠯᠳᠠ ᠶᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2025/6/26
        ᠠᠵᠢᠯ ᠤᠯᠭᠤᠯᠳᠠ ᠶᠢᠨ ᠠᠵᠢᠯ ᠢ ᠯᠠᠪᠳᠠᠭᠤᠨ ᠪᠠᠳᠦᠳᠠᠢ ᠬᠢᠵᠦ᠂ ᠰᠠᠭᠤᠭᠠᠯᠢ ᠠᠷᠠᠳ ᠤᠨ ᠡᠬᠦᠳᠡᠨ ᠡᠮᠦᠨ᠎ᠡ ᠪᠠᠨ ᠠᠵᠢᠯ ᠤᠯᠬᠤ ᠳᠤ ᠬᠦᠴᠦᠨ ᠨᠡᠮᠡᠷᠢᠯᠡᠬᠦ ᠶᠢᠨ ᠲᠦᠯᠦᠬᠡ ᠡᠨᠡ ᠵᠢᠯ ᠠᠴᠠ ᠨᠠᠭᠠᠰᠢ᠂ ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠦᠯᠠᠭ᠎ᠠ ᠶᠢᠨ ᠲᠤᠪᠴᠢᠶ᠎ᠠ ᠡᠬᠦᠳᠡᠨ ᠡᠮᠦᠨ᠎ᠡ ᠠᠵᠢᠯ ᠤᠯᠭᠤᠬᠤ ᠦᠢᠯᠡᠴᠢᠯᠡᠬᠡᠨ ᠤ ᠲᠦᠪ ᠤᠨ ᠶᠠᠰᠦ ᠴᠢᠨᠠᠷ ᠢ ᠲᠡᠭᠡᠭᠰᠢᠯᠡᠬᠦᠯᠦᠨ ᠲᠡᠰ ᠲᠡᠪᠰᠢᠬᠦᠯᠵᠦ᠂ ᠰᠠᠭᠤᠭᠠᠯᠢ ᠠᠷᠠᠳ ᠲᠤ ᠲᠦᠬᠦᠮ ᠠᠵᠢᠯ ᠤᠯᠭᠤᠯᠳᠠ ᠶᠢᠨ ᠲᠡᠪᠴᠡᠩ ᠬᠠᠨᠭ᠍ᠭᠠᠵᠦ᠂ ᠲᠡᠳᠡᠨ ᠳᠤ ᠠᠰᠢᠭ ᠬᠦᠷᠳᠡᠬᠡᠵᠡᠢ᠃        ᠤᠯᠠᠭᠠᠨᠬᠤᠳᠠ ᠶᠢᠨ ᠲᠡᠮᠦᠷ ᠵᠠᠮ ᠤᠨ ᠪᠠᠷᠠᠭᠤᠨᠳᠡᠬᠢ ᠵᠡᠬᠡᠯᠢ ᠶᠢᠨ ᠭᠠᠩ ᠬᠤᠸᠠ ᠨᠡᠶᠢᠬᠡᠮ ᠲᠤᠭᠤᠷᠢᠭ ᠤᠨ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠬᠡᠨ ᠳᠤ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠰᠢᠷᠡᠭᠡ ᠲᠤᠭᠤᠷᠢᠨ ᠰᠠᠭᠤᠵᠠᠭᠠᠵᠦ᠂ ᠬᠦᠪᠦᠩ ᠦᠮᠦᠳᠦ ᠤᠶᠤᠵᠦ ᠪᠠᠶᠢᠯ᠎ᠠ᠃ ᠤᠯᠠᠭᠠᠨᠬᠤᠳᠠ ᠶᠢᠨ ᠲᠡᠮᠦᠷ ᠵᠠᠮ ᠤᠨ ᠪᠠᠷᠠᠭᠤᠨᠳᠡᠬᠢ ᠵᠡᠬᠡᠯᠢ ᠶᠢᠨ ᠭᠠᠩ ᠬᠤᠸᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠵᠠᠩ ᠴᠦᠨ ᠰᠢᠶᠠ᠄ ︽ᠭᠠᠩ ᠬᠤᠸᠠ ᠨᠡᠶᠢᠬᠡᠮ ᠲᠤᠭᠤᠷᠢᠭ ᠤᠨ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠭᠡ ᠪᠢᠳᠡᠨ ᠳᠤ ᠲᠤᠩ ᠰᠠᠶᠢᠨ ᠦᠢᠯᠡᠴᠢᠯᠡᠬᠡᠨ ᠤ ᠲᠠᠯᠠᠪᠦᠷ ᠬᠠᠨᠭ᠍ᠭᠠᠵᠦ᠂ ᠪᠢᠳᠡ ᠰᠠᠷ᠎ᠠ ᠪᠦᠷᠢ ᠬᠦᠪᠦᠩ ᠦᠮᠦᠳᠦ ᠤᠶᠤᠵᠦ᠂ ᠬᠦᠮᠦᠨ ᠪᠦᠷᠢ 800 ᠠᠴᠠ 900 ᠲᠦᠬᠦᠷᠢᠭ ᠤᠯᠵᠦ᠂ ᠪᠢᠳᠡᠨ ᠤ ᠠᠮᠢᠳᠦᠷᠠᠯ ᠳᠤ ᠲᠤᠩ ᠶᠡᠭᠡ ᠬᠠᠪᠰᠤᠷᠤᠯᠭ᠎ᠠ ᠪᠤᠯᠳᠠᠭ︾ ᠬᠡᠵᠦ ᠶᠠᠷᠢᠵᠦ ᠪᠠᠶᠢᠯ᠎ᠠ᠃        ᠤᠯᠠᠭᠠᠨᠬᠤᠳᠠ ᠶᠢᠨ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠬᠡᠨ ᠳᠤ ᠠᠵᠢᠯ ᠡᠷᠢᠬᠦ ᠪᠠᠷ ᠢᠷᠡᠭᠰᠡᠨ ᠰᠠᠭᠤᠭᠠᠯᠢ ᠠᠷᠠᠳ ᠬᠦᠰᠦᠨᠦᠭᠳᠤ ᠲᠠᠬᠯᠠᠵᠦ ᠪᠠᠶᠢᠯ᠎ᠠ ᠃ ᠠᠵᠢᠯᠳᠠᠨ ᠠᠴᠠ ᠰᠠᠭᠤᠭᠠᠯᠢ ᠠᠷᠠᠳ ᠤᠨ ᠠᠵᠢᠯ ᠡᠷᠢᠬᠦ ᠰᠠᠨᠠᠮᠵᠢ ᠪᠠ ᠠᠵᠢᠯ ᠤᠨ ᠦᠡᠭᠭᠡᠷᠡᠯᠳᠡ ᠶᠢ ᠨᠠᠷᠢᠯᠢᠭ ᠤᠶᠢᠯᠠᠭᠠᠬᠰᠠᠨ ᠤ ᠲᠠᠷᠠᠭ᠎ᠠ᠂ ᠲᠡᠬᠦᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠨ ᠲᠤᠬᠢᠷᠠᠮᠵᠢᠳᠠᠢ ᠠᠵᠢᠯ ᠤᠨ ᠪᠠᠶᠢᠷᠢ ᠶᠢ ᠡᠷᠢᠵᠦ ᠦᠭᠴᠦ ᠪᠠᠶᠢᠪᠠ᠃        ᠤᠯᠠᠭᠠᠨᠬᠤᠳᠠ ᠶᠢᠨ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠵᠤᠤ ᠵᠢᠶᠦ᠋ᠨ ᠬᠤᠩ᠄ ︽ᠤᠤᠯ ᠳᠠᠭᠠᠨ ᠠᠵᠢᠯ ᠡᠷᠢᠬᠦ ᠳᠤ ᠲᠤᠩ ᠬᠦᠴᠢᠷ ᠪᠠᠶᠢᠵᠠᠢ᠃ ᠤᠳᠤ ᠡᠬᠦᠳᠡᠨ ᠡᠮᠦᠨ᠎ᠡ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠭᠡ ᠲᠠᠢ ᠪᠤᠯᠤᠬᠰᠠᠨ ᠠᠴᠠ ᠪᠢᠳᠡ ᠲᠤᠪᠴᠢ ᠨᠠᠮᠳᠠᠷ ᠢᠶᠠᠨ ᠶᠠᠪᠤᠭᠤᠯᠵᠦ ᠠᠵᠢᠯ ᠡᠷᠢᠬᠦ ᠳᠤ ᠠᠮᠠᠷᠬᠠᠨ ᠪᠤᠯᠵᠠᠢ︾ ᠬᠡᠵᠦ ᠶᠠᠷᠢᠵᠦ ᠪᠠᠶᠢᠯ᠎ᠠ᠃        ᠤᠳᠤ ᠪᠤᠯᠳᠠᠯ᠎ᠠ᠂ ᠡᠬᠦᠳᠡᠨ ᠡᠮᠦᠨᠡᠬᠢ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠭᠡ ᠨᠢᠬᠡᠨᠳᠡ 2000 ᠭᠠᠷᠦᠢ ᠠᠵᠦ ᠠᠬᠤᠶᠢᠯᠠᠯ ᠲᠠᠢ ᠬᠠᠮᠵᠢᠯᠴᠠᠨ᠂ ᠰᠠᠭᠤᠭᠠᠯᠢ ᠠᠷᠠᠳ ᠲᠤ 2 ᠲᠦᠮᠡ ᠭᠠᠷᠦᠢ ᠠᠵᠢᠯ ᠤᠨ ᠪᠠᠶᠢᠷᠢ ᠬᠠᠨᠭ᠍ᠭᠠᠵᠦ᠂ 1900 ᠭᠠᠷᠦᠢ ᠬᠦᠮᠦᠨ ᠠᠵᠢᠯ ᠤᠯᠭᠤᠯᠳᠠ ᠶᠢᠨ ᠰᠠᠨᠠᠮᠵᠢ ᠲᠠᠢ ᠪᠤᠯᠵᠦ᠂ ᠤᠯᠠᠨ ᠠᠵᠦ ᠠᠬᠤᠶᠢᠯᠠᠯ ᠤᠨ ᠠᠵᠢᠯᠳᠡᠡ ᠡᠯᠰᠡᠬᠦ ᠵᠠᠮ ᠢ ᠦᠷᠭᠡᠳᠬᠡᠵᠦ᠂ ᠨᠡᠶᠢᠬᠡᠮ ᠲᠤᠭᠤᠷᠢᠭ ᠤᠨ ᠤᠶᠢᠷ᠎ᠠ ᠬᠠᠪᠢ ᠶᠢᠨ ᠰᠢᠯᠢᠳᠡᠭ ᠬᠦᠳᠡᠯᠮᠦᠷᠢ ᠬᠦᠴᠦ ᠶᠢ ᠲᠠᠳᠠᠬᠤ ᠳᠤ ᠲᠦᠬᠦᠮ ᠦᠵᠡᠬᠦᠯᠵᠦ᠂ ᠠᠵᠦ ᠠᠬᠤᠶᠢᠯᠠᠯ ᠤᠨ ᠰᠠᠶᠢᠨ ᠬᠦᠭᠵᠢᠯᠳᠡ ᠶᠢ ᠠᠬᠢᠭᠤᠯᠬᠤ ᠪᠤᠯᠤᠨ᠎ᠠ᠃        ᠤᠯᠠᠭᠠᠨᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠤᠯᠭᠤᠯᠳᠠ ᠶᠢᠨ ᠦᠢᠯᠡᠴᠢᠯᠡᠬᠡᠨ ᠤ ᠲᠦᠪ ᠤᠨ ᠠᠵᠢᠯ ᠤᠯᠭᠤᠯᠳᠠ ᠶᠢᠨ ᠲᠠᠰᠤᠭ ᠤᠨ ᠲᠠᠷᠤᠭ᠎ᠠ ᠭᠦ᠋ ᠢᠤᠢ ᠹᠧᠩ᠄ ︽ᠡᠬᠦᠳᠡᠨ ᠡᠮᠦᠨᠡᠬᠢ ᠠᠵᠢᠯ ᠤᠯᠭᠤᠯᠳᠠ ᠶᠢᠨ ᠦᠢᠯᠡᠴᠢᠯᠡᠬᠡᠨ ᠤ ᠦᠷᠳᠡᠭᠡ ᠨᠢᠬᠡᠨᠳᠡ ᠤᠶᠢᠷ᠎ᠠ ᠬᠠᠪᠢ ᠶᠢᠨ 56 ᠨᠡᠶᠢᠬᠡᠮ ᠲᠤᠭᠤᠷᠢᠭ ᠢ ᠬᠠᠮᠦᠷᠴᠦ᠂ ᠨᠡᠶᠢᠳᠡ 1 ᠲᠦᠮᠡ ᠭᠠᠷᠦᠢ ᠬᠦᠮᠦᠨ ᠳᠤ ᠦᠢᠯᠡᠴᠢᠯᠡᠵᠡᠢ᠃ ᠲᠠᠷᠠᠭᠠᠴᠢ ᠪᠠᠷ᠂ ᠪᠢᠳᠡ ᠦᠢᠯᠡᠴᠢᠯᠡᠬᠡᠨ ᠤ ᠬᠦᠷᠢᠶ᠎ᠡ ᠬᠡᠪᠴᠢᠶ᠎ᠡ ᠪᠠᠨ ᠦᠷᠬᠦᠯᠵᠢᠯᠡᠨ ᠦᠷᠭᠡᠳᠬᠡᠵᠦ᠂ ᠠᠵᠢᠯ ᠡᠷᠢᠭᠴᠢ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠤᠨ ᠪᠠᠶᠢᠷᠢ ᠬᠠᠨᠭ᠍ᠭᠠᠬᠤ ᠪᠤᠯᠤᠨ᠎ᠠ︾ ᠬᠡᠵᠦ ᠶᠠᠷᠢᠵᠦ ᠪᠠᠶᠢᠯ᠎ᠠ᠃ ᠰᠦᠩ ᠬᠤᠤ ᠸᠠᠩ ᠰᠢᠤᠸᠠᠢ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号