ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠲᠤᠬᠠᠢ ᠰᠢᠨ᠎ᠡ ᠲᠣᠭᠲᠠᠭᠠᠯ ᠲᠠᠢ ᠪᠣᠯᠪᠠ
ᠨᠡᠶᠢᠲᠡᠯᠡᠭᠰᠡᠨ ᠴᠠᠭ᠄
2025/6/26
        ᠲᠥᠷᠥ ᠶᠢᠨ ᠶᠠᠪᠤᠳᠠᠯ ᠤᠨ ᠬᠤᠷᠢᠶ᠎ᠡ ᠶᠢᠨ ᠠᠯᠪᠠᠨ ᠲᠢᠩᠬᠢᠮ ᠣᠶᠢᠷ᠎ᠠ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ︽ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ︾ ᠢ ᠳᠠᠮᠵᠢᠭᠤᠯᠤᠨ ᠲᠠᠷᠬᠠᠭᠠᠪᠠ᠃ ᠰᠠᠨᠠᠯ ᠳᠤ᠂ 2027 ᠣᠨ ᠤ ᠵᠢᠯ ᠤᠨ ᠡᠴᠦᠰ ᠪᠤᠯᠲᠠᠯ᠎ᠠ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠵᠠᠰᠠᠬᠤ ᠰᠢᠰᠲ᠋ᠧᠮ ᠢ ᠪᠦᠷᠢᠨᠰᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠵᠢᠷᠤᠮᠵᠢᠯ ᠢ ᠲᠡᠭᠦᠯᠳᠡᠷᠵᠢᠭᠦᠯᠦᠨ᠎ᠡ ᠭᠡᠵᠤ ᠳᠤᠷᠠᠳᠴᠠᠢ᠃        ᠰᠠᠨᠠᠯ ᠳᠤ᠂ 2027 ᠣᠨ ᠤ ᠡᠴᠦᠰ ᠠᠴᠠ ᠡᠮᠦᠨ᠎ᠡ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢᠨ ᠳᠦᠷᠢᠮ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠬᠤᠯᠠᠭᠠᠶᠢᠯᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠬᠠᠶᠠᠬᠤ ᠠᠰᠠᠭᠤᠳᠠᠯ ᠢ ᠪᠦᠲᠦᠮᠵᠢᠲᠡᠶ ᠬᠤᠷᠢᠭᠯᠠᠵᠤ᠂ ᠪᠥᠬᠦ ᠤᠯᠤᠰ ᠤᠨ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠳᠤᠮᠳᠠᠴᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠵᠦ᠂ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠪᠦᠲᠦᠮᠵᠢᠲᠡᠶ ᠵᠠᠰᠠᠬᠤ ᠰᠢᠨ᠎ᠡ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ ᠭᠡᠵᠤ ᠳᠤᠷᠠᠳᠪᠠ᠃        ᠣᠳᠣᠬᠠᠨ ᠳᠤ᠂ ᠮᠠᠨ ᠤ ᠤᠯᠤᠰ ᠤᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠵᠢᠯ ᠤᠨ ᠭᠠᠷᠤᠯᠲᠠ ᠶᠢᠨ ᠬᠡᠮᠵᠢᠶ᠎ᠡ 20 ᠭᠠᠷᠤᠢ ᠳ᠋ᠦᠩᠰᠢᠭᠤᠷ ᠲᠣᠨ ᠳᠤ ᠬᠦᠷᠴᠦ᠂ ᠬᠡᠰᠡᠭ ᠪᠠᠷᠢᠯᠭ᠎ᠠ ᠶᠢᠨ ᠬᠤᠭ ᠨᠣᠪᠰᠢ ᠶᠢ ᠠᠰᠢᠭᠯᠠᠨ ᠰᠶᠢᠳᠪᠦᠷᠢᠯᠡᠬᠦ ᠣᠷᠣᠨ ᠵᠠᠢ ᠳᠤᠲᠠᠭᠳᠠᠵᠤ᠂ ᠬᠠᠤᠯᠢ ᠲᠣᠭᠲᠠᠭᠠᠯ ᠠᠴᠠ ᠵᠥᠷᠢᠴᠡᠨ ᠬᠠᠶᠠᠬᠤ ᠠᠰᠠᠭᠤᠳᠠᠯ ᠮᠥᠨ ᠬᠦ ᠪᠠᠶᠢᠨ ᠳᠠᠬᠢᠨ ᠭᠠᠷᠴᠤ ᠪᠠᠶᠢᠨ᠎ᠠ᠃ ᠰᠠᠨᠠᠯ ᠳᠤ᠂ ᠡᠯ᠎ᠡ ᠭᠠᠵᠠᠷ ᠤᠨ ᠬᠢᠨ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠲᠦᠷᠭᠡᠳᠬᠡᠨ ᠠᠬᠢᠭᠤᠯᠵᠤ ᠂ ᠪᠠᠷᠢᠯᠭ᠎ᠠ ᠶᠢᠨ ᠬᠤᠭ ᠨᠣᠪᠰᠢ ᠶᠢ ᠰᠶᠢᠳᠪᠦᠷᠢᠯᠡᠬᠦ ᠵᠢᠴᠢ ᠪᠣᠬᠢᠷᠲᠤᠯ ᠢ ᠰᠡᠷᠭᠡᠶᠢᠯᠡᠨ ᠵᠠᠰᠠᠬᠤ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠤ᠂ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠠᠰᠢᠭᠯᠠᠨ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠠᠷᠢᠯᠭ᠎ᠠ ᠶᠢᠨ ᠬᠤᠭ ᠨᠣᠪᠰᠢ ᠶᠢ ᠰᠶᠢᠳᠪᠦᠷᠢᠯᠡᠬᠦ ᠬᠠᠮᠢᠶ᠎ᠠ ᠪᠦᠬᠦᠢ ᠮᠡᠷᠭᠡᠵᠢᠯ ᠪᠠ ᠪᠡᠯᠡᠳᠬᠡᠯ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠤ ᠲᠤᠳᠤᠷᠬᠠᠢ ᠲᠤᠭᠲᠠᠭᠠᠪᠠ᠃        ᠰᠠᠨᠠᠯ ᠳᠤ ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢ ᠪᠤᠶ ᠪᠣᠯᠭᠠᠬᠤ᠂ ᠴᠤᠭᠯᠠᠭᠤᠯᠬᠤ᠂ ᠬᠠᠳᠠᠭᠠᠯᠠᠬᠤ ᠂ ᠲᠡᠭᠡᠭᠡᠪᠦᠷᠢᠯᠡᠬᠦ᠂ ᠠᠰᠢᠭᠯᠠᠬᠤ ᠪᠠ ᠰᠶᠢᠳᠪᠦᠷᠢᠯᠡᠬᠦ ᠡᠯ᠎ᠡ ᠵᠠᠩᠭᠢᠯᠠᠭ᠎ᠠ ᠳᠤ ᠪᠣᠳᠠᠲᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤᠷᠠᠳᠴᠠᠢ᠃ ᠰᠠᠨᠠᠯ ᠳᠤ᠂ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠤᠭᠰᠠᠷᠠᠮᠠᠯ ᠪᠠᠷᠢᠯᠭ᠎ᠠ ᠶᠢ ᠬᠥᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ ᠪᠠᠷᠢᠬᠤ ᠪᠠ ᠪᠦᠷᠢᠨ ᠵᠠᠰᠠᠵᠤ ᠴᠢᠮᠡᠭᠯᠡᠬᠦ ᠶᠢ ᠲᠤᠰᠢᠶᠠᠨ ᠥᠭᠬᠦ ᠶᠢ ᠳᠡᠯᠭᠡᠷᠡᠭᠦᠯᠵᠦ᠂ ᠪᠠᠷᠢᠯᠭ᠎ᠠ ᠶᠢᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠲᠡᠭᠡᠭᠡᠪᠦᠷᠢᠯᠡᠬᠦ᠂ ᠠᠰᠢᠭᠯᠠᠬᠤ᠂ ᠰᠶᠢᠳᠪᠦᠷᠢᠯᠡᠬᠦ ᠵᠠᠷᠤᠳᠠᠯ ᠢ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠳᠤ ᠣᠷᠣᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠰᠶᠢᠳᠪᠦᠷᠢᠯᠡᠬᠦ ᠶᠢ ᠬᠡᠷᠡᠭᠵᠢᠭᠦᠯᠵᠦ᠂ ᠪᠠᠷᠢᠯᠭ᠎ᠠ ᠶᠢ ᠨᠤᠷᠠᠭᠠᠬᠤ ᠪᠠ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠨᠢᠭᠡ ᠴᠣᠭᠴᠠᠵᠢᠭᠤᠯᠬᠤ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠬᠤ ᠶᠢᠨ ᠬᠠᠮᠲᠤ ᠵᠠᠰᠠᠵᠤ ᠴᠢᠮᠡᠭᠯᠡᠬᠦ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠠᠷᠢᠯᠭ᠎ᠠ ᠶᠢᠨ ᠬᠤᠭ ᠨᠣᠪᠰᠢ ᠶᠢᠨ ᠡᠬᠢ ᠡᠭᠦᠰᠦᠯ ᠤᠨ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠠᠮᠢᠶᠠᠷᠬᠤ ᠶᠢ ᠠᠬᠢᠭᠤᠯᠬᠤ ᠬᠡᠷᠡᠭᠳᠡᠢ ᠭᠡᠵᠤ ᠱᠠᠭᠠᠷᠳᠠᠪᠠ᠃        ᠰᠠᠨᠠᠯ ᠳᠤ ᠪᠠᠰᠠ᠂ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠲᠡᠭᠦᠰᠬᠡᠯ ᠤᠨ ᠰᠶᠢᠳᠪᠦᠷᠢᠯᠡᠯᠲᠡ ᠶᠢ ᠵᠢᠷᠤᠮᠵᠢᠭᠤᠯᠬᠤ ᠬᠡᠷᠡᠭᠳᠡᠢ᠃ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠳᠡᠢ᠃ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠳᠡᠢ᠃ ᠮᠤᠵᠢ ᠶᠢᠨ ᠱᠠᠲᠤᠨ ᠤ ᠨᠢᠭᠡᠳᠦᠯᠲᠡᠢ ᠲᠥᠯᠥᠪᠵᠢᠭᠦᠯᠬᠦ᠂ ᠬᠤᠲᠠ ᠶᠢᠨ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠤᠨ ᠲᠣᠭᠲᠡᠴᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠰᠶᠢᠳᠪᠦᠷᠢᠯᠡᠬᠦ ᠶᠢ ᠬᠢᠨᠠᠨ ᠵᠥᠪᠰᠢᠶᠡᠷᠡᠬᠦ ᠪᠠ ᠰᠶᠢᠳᠪᠦᠷᠢᠯᠡᠬᠦ ᠲᠥᠰᠥᠯ ᠢ ᠳᠠᠩᠰᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠶᠠᠪᠤᠴᠠ ᠶᠢᠨ ᠡᠯᠧᠺᠲᠷᠣᠨ ᠬᠤᠯᠪᠣᠭᠠᠲᠤ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠤ᠂ ᠬᠠᠤᠯᠢ ᠠᠴᠠ ᠵᠥᠷᠢᠴᠡᠨ ᠪᠠᠷᠢᠯᠭ᠎ᠠ ᠶᠢᠨ ᠬᠤᠭ ᠨᠣᠪᠰᠢ ᠬᠠᠶᠠᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠪᠦᠲᠦᠮᠵᠢᠲᠡᠶ ᠬᠡᠷᠡᠭᠵᠢᠭᠦᠯᠬᠦ ᠬᠡᠷᠡᠭᠳᠡᠢ ᠭᠡᠵᠤ ᠱᠠᠭᠠᠷᠳᠠᠵᠡᠢ᠃ ︵︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号