| ᠬᠤᠤᠷᠲᠤ ᠡᠳ᠋ ᠪᠣᠯ ᠬᠥᠮᠦᠨ ᠲᠥᠷᠥᠯᠬᠢᠲᠡᠨ ᠤ ᠨᠡᠶᠢᠲᠡ ᠶᠢᠨ ᠬᠤᠤᠷ ᠬᠥᠨᠥᠭᠡᠯ ᠮᠥᠨ᠃ ᠬᠤᠤᠷᠳᠤ | ᠡᠳ᠋ ᠨᠢ ᠬᠤᠪᠢ ᠬᠥᠮᠦᠨ ᠳᠤ ᠠᠪᠴᠤ ᠬᠡᠯᠡᠪᠡᠯ᠂ ᠡᠷᠡᠭᠦᠯ ᠮᠡᠨᠳᠦ ᠶᠢ ᠬᠤᠬᠢᠷᠠᠭᠤᠯᠵᠤ᠂ ᠤᠷᠮ᠎ᠠ ᠵᠣᠷᠢᠭ ᠢ | ᠬᠤᠭᠤᠷᠠᠭᠤᠯᠤᠨᠠ︔ ᠭᠡᠷ ᠪᠦᠯᠢ ᠳᠤ ᠠᠪᠴᠤ ᠬᠡᠯᠡᠪᠡᠯ᠂ ᠡᠳ᠋ ᠮᠦᠩᠭᠦ ᠶᠢ ᠰᠦᠢᠳᠭᠡᠵᠦ᠂ ᠵᠢᠷᠭᠠᠯᠳᠤ ᠠᠮᠢᠳᠤᠷᠠᠯ ᠢ | ᠡᠪᠳᠡᠨ᠎ᠡ︔ ᠨᠡᠶᠢᠭᠡᠮ ᠨᠡᠶᠢᠳᠡ ᠳᠤ ᠠᠪᠴᠤ ᠬᠡᠯᠡᠪᠡᠯ᠂ ᠶᠠᠯᠠᠳᠤ ᠠᠵᠢᠯᠯᠠᠭ᠎ᠠ ᠶᠢ ᠨᠡᠮᠡᠭᠳᠡᠬᠦᠯᠵᠦ᠂ ᠬᠡᠪ ᠰᠤᠷᠲᠠᠯ ᠢ | ᠪᠤᠯᠬᠢᠳᠠᠭᠤᠯᠤᠨᠠ᠃ ᠡᠬᠦᠨ ᠠᠴᠠ ᠦᠵᠡᠬᠦ ᠳᠤ᠂ ᠬᠤᠤᠷᠳᠤ ᠡᠳ᠋ ᠴᠠᠭᠠᠵᠠᠯᠠᠬᠤ ᠨᠢ ᠵᠦᠪᠬᠡᠨ ᠨᠢᠭᠡ ᠬᠥᠮᠦᠨ ᠨᠢᠭᠡ | ᠭᠡᠷ ᠪᠦᠯᠢ ᠳᠤ ᠬᠤᠯᠪᠤᠬᠳᠠᠬᠤ ᠶᠠᠪᠤᠳᠠᠯ ᠪᠢᠰᠢ᠂ ᠬᠠᠷᠢᠨ ᠨᠡᠶᠢᠭᠡᠮ ᠳᠠᠶᠠᠭᠠᠷ ᠤᠨ ᠠᠮᠤᠷ ᠲᠦᠪᠰᠢᠨ ᠪᠤᠯᠪᠠᠰᠤᠨ | ᠰᠤᠷᠳᠠᠯ ᠢ ᠰᠦᠷᠳᠡᠭᠦᠯᠬᠦ ᠴᠢᠬᠤᠯᠠ ᠶᠡᠭᠡ ᠠᠰᠠᠭᠤᠳᠠᠯ ᠪᠠᠶᠢᠵᠤ᠂ ᠪᠦᠬᠦ ᠨᠡᠶᠢᠭᠡᠮ ᠢᠶᠠᠷ ᠢᠶᠠᠨ ᠬᠦᠳᠡᠯᠦᠯᠴᠡᠵᠦ᠂ | ᠬᠤᠣᠷᠲᠤ ᠡᠳ᠋ ᠴᠠᠭᠠᠵᠠᠯᠠᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠴᠢᠬᠤᠯᠠᠳᠠᠢ᠃ ᠬᠤᠤᠷᠳᠤ ᠡᠳ᠋ | ᠴᠠᠭᠠᠵᠠᠯᠠᠬᠤ ᠠᠵᠢᠯ ᠳᠤ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠤᠨ᠎ᠠ᠃ | ᠬᠤᠤᠷᠳᠤ ᠡᠳ᠋ ᠴᠠᠭᠠᠵᠠᠯᠠᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ᠂ ᠬᠤᠣᠷᠲᠤ | ᠡᠳ᠋ ᠤᠨ ᠲᠦᠷᠦᠯ ᠵᠦᠢᠯ ᠤᠯᠠᠰᠢᠷᠠᠵᠤ᠂ ᠬᠤᠣᠷᠲᠤ ᠡᠳ᠋ ᠫᠠᠨᠽᠠᠯᠠᠬᠤ ᠠᠷᠭ᠎ᠠ ᠵᠠᠮ᠂ ᠠᠷᠠᠯᠵᠢᠶᠠᠯᠠᠬᠤ ᠠᠷᠭ᠎ᠠ | ᠪᠠᠷᠢᠯ ᠨᠢ ᠨᠢᠭᠤᠴᠠ ᠳᠠᠯᠳᠠ ᠪᠣᠯᠤᠬᠰᠠᠨ ᠰᠢᠨ᠎ᠡ ᠪᠠᠶᠢᠳᠠᠯ ᠤᠨ ᠳᠣᠣᠷ᠎ᠠ᠂ ᠵᠥᠪᠬᠡᠨ ᠨᠢᠭᠡᠯᠡ ᠰᠠᠯᠠᠭ᠎ᠠ ᠮᠥᠴᠢᠷ ᠤᠨ | ᠬᠦᠴᠦᠨ ᠳᠤ ᠲᠦᠰᠢᠭᠯᠡᠭᠡᠳ ᠪᠦᠲᠦᠮᠵᠢᠲᠡᠢ ᠴᠣᠬᠢᠯᠲᠠ ᠥᠭᠴᠦ ᠴᠢᠳᠠᠬᠤ ᠦᠭᠡᠢ ᠶᠤᠮ᠃ ᠡᠶᠢᠮᠦ ᠠᠴᠠ᠂ ᠬᠠᠤᠯᠢ | ᠴᠠᠭᠠᠵᠠ᠂ ᠵᠠᠰᠠᠭ ᠵᠠᠬᠢᠷᠭ᠎ᠠ᠂ ᠠᠵᠤ ᠠᠬᠤᠢ᠂ ᠰᠣᠶᠣᠯ ᠬᠥᠮᠦᠵᠢᠯ ᠵᠡᠷᠭᠡ ᠠᠷᠭ᠎ᠠ ᠪᠠᠷᠢᠯ ᠢ ᠨᠢᠭᠡᠳᠦᠯᠲᠡᠢ ᠲᠥᠯᠥᠪᠯᠡᠨ | ᠬᠡᠷᠡᠭᠯᠡᠵᠦ᠂ ᠬᠤᠤᠷ ᠲᠠᠲᠠᠬᠤ ᠶᠢ ᠴᠠᠭᠠᠵᠠᠯᠠᠬᠤ᠂ ᠬᠤᠤᠷᠳᠤ ᠡᠳ᠋ ᠫᠠᠨᠽᠠᠯᠠᠬᠤ ᠶᠢ ᠴᠠᠭᠠᠵᠠᠯᠠᠬᠤ᠂ ᠬᠤᠤᠷᠳᠤ ᠡᠳ᠋ | ᠲᠠᠷᠢᠬᠤ ᠶᠢ ᠴᠠᠭᠠᠵᠠᠯᠠᠬᠤ᠂ ᠬᠤᠤᠷᠳᠤ ᠡᠳ᠋ ᠦᠢᠯᠡᠳᠬᠦ ᠶᠢ ᠴᠠᠭᠠᠵᠠᠯᠠᠬᠤ ᠶᠡᠷᠦᠩᠬᠡᠶᠢᠯᠡᠭᠰᠡᠨ ᠴᠢᠨᠠᠷᠲᠠᠢ᠂ ᠰᠢᠰᠲ᠋ᠧᠮᠲᠦ | ᠴᠢᠨᠠᠷᠲᠠᠢ ᠠᠷᠭ᠎ᠠ ᠬᠡᠮᠵᠢᠶ᠎ᠡ ᠶᠢ ᠬᠡᠷᠡᠭᠯᠡᠵᠦ᠂ ᠡᠯ᠎ᠡ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠵᠣᠬᠢᠴᠠᠭᠤᠯᠤᠭᠰᠠᠨ᠂ | ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠣᠯᠴᠠᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠬᠤ ᠪᠤᠯ ᠨᠡᠩ ᠴᠢᠬᠤᠯᠠ᠃ | ᠬᠤᠤᠷᠳᠤ ᠡᠳ᠋ ᠴᠠᠭᠠᠵᠠᠯᠠᠬᠤ ᠳᠤ ᠤᠬᠠᠭᠤᠯᠭ᠎ᠠ ᠳᠠᠶᠢᠴᠢᠯᠠᠯᠳᠠ ᠶᠢ ᠢᠳᠡᠪᠬᠢᠳᠡᠢ ᠦᠷᠨᠢᠬᠦᠯᠤᠨ᠎ᠠ᠃ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠵᠡᠷᠭᠡ ᠪᠠᠷ ᠬᠥᠳᠡᠯᠦᠯᠴᠡᠵᠦ᠂ ᠬᠤᠤᠷᠳᠤ ᠡᠳ᠋ ᠴᠠᠭᠠᠵᠠᠯᠠᠬᠤ | ᠤᠬᠠᠭᠤᠯᠭ᠎ᠠ ᠶᠢ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ᠂ ᠬᠡᠷ ᠪᠦᠯᠢ᠂ ᠰᠦᠯᠵᠢᠶ᠎ᠡ ᠳᠤ | ᠣᠷᠣᠭᠤᠯᠬᠤ ᠠᠵᠢᠯᠯᠠᠭ᠎ᠠ ᠶᠢ ᠠᠬᠢᠭᠤᠯᠵᠤ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ ᠨᠠᠩ | ᠣᠯᠠᠨ ᠬᠥᠮᠦᠰ ᠲᠤ ᠬᠤᠤᠷᠳᠤ ᠡᠳ᠋ ᠴᠠᠭᠠᠵᠠᠯᠠᠬᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ | ᠣᠶᠢᠯᠠᠭᠠᠭᠤᠯᠵᠤ᠂ ᠬᠤᠤᠷᠳᠤ ᠡᠳ᠋ ᠴᠠᠭᠠᠵᠠᠯᠠᠬᠤ ᠦᠨᠳᠦᠰᠦᠨ ᠮᠡᠳᠡᠯᠭᠡ ᠵᠢᠴᠢ ᠬᠤᠤᠷᠳᠤ ᠡᠳ᠋ ᠴᠠᠭᠠᠵᠠᠯᠠᠬᠤ | ᠠᠵᠢᠯ ᠤᠨ ᠦᠷ᠎ᠡ ᠪᠦᠲᠦᠮᠵᠢ ᠶᠢ ᠲᠠᠨᠢᠯᠴᠠᠭᠤᠯᠵᠤ᠂ ᠣᠯᠠᠨ ᠲᠦᠮᠡᠨ ᠤ ᠬᠤᠤᠷᠳᠤ ᠡᠳ᠋ ᠴᠠᠭᠠᠵᠠᠯᠠᠬᠤ ᠠᠵᠢᠯ ᠳᠤ | ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠣᠯᠠᠨ ᠲᠦᠮᠡᠨ ᠤ ᠬᠤᠤᠷᠲᠤ ᠡᠳ᠋ ᠤᠨ ᠶᠠᠯᠠᠲᠤ ᠠᠵᠢᠯᠯᠠᠭ᠎ᠠ ᠶᠢ | ᠢᠯᠡᠴᠢᠯᠡᠨ ᠮᠡᠳᠡᠭᠦᠯᠬᠦ᠂ ᠰᠦᠪᠡᠭᠴᠢ ᠬᠠᠩᠭᠠᠬᠤ ᠳᠤ ᠢᠳᠡᠪᠬᠢᠳᠡᠢ ᠤᠷᠤᠯᠴᠠᠬᠤ ᠵᠤᠷᠢᠬ ᠲᠠᠢ ᠪᠠᠷ ᠤᠷᠤᠯᠴᠠᠬᠤ ᠶᠢ | ᠵᠤᠷᠢᠬᠵᠢᠭᠤᠯᠤᠨ᠎ᠡ᠃ | ᠲᠡᠦᠬᠡ ᠪᠣᠯ ᠬᠠᠮᠤᠭ ᠤᠨ ᠰᠠᠶᠢᠨ ᠰᠤᠷᠬᠤ ᠪᠢᠴᠢᠭ ᠮᠥᠨ᠃ ᠳᠤᠮᠳᠠᠳᠤ ᠶᠢᠨ ᠦᠨᠳᠦᠰᠦᠲᠡᠨ ᠬᠠᠷ᠎ᠠ | ᠲᠠᠮᠠᠬᠢ ᠶᠢᠨ ᠬᠤᠣᠷ ᠬᠦᠨᠦᠭᠡᠯ ᠢ ᠠᠮᠰᠠᠵᠤ ᠥᠩᠭᠡᠷᠡᠭᠰᠡᠨ ᠪᠣᠯᠬᠤᠷ ᠲᠡᠦᠬᠡ ᠶᠢᠨ ᠭᠤᠨᠢᠭᠲᠤ ᠵᠦᠴᠦᠭᠡ ᠶᠢᠨ ᠲᠠᠬᠢᠨ | ᠡᠭᠦᠰᠭᠦ ᠶᠢ ᠤᠬᠳᠤ ᠵᠥᠪᠰᠢᠶᠡᠷᠡᠬᠦ ᠦᠭᠡᠢ ᠶᠤᠮ᠃ ᠬᠤᠤᠷᠲᠤ ᠡᠳ᠋ ᠤᠨ ᠬᠡᠮ ᠰᠣᠭᠤᠭ ᠢ ᠦᠨᠳᠦᠰᠦᠨ ᠠᠴᠠ ᠨᠢ | ᠠᠷᠢᠯᠭᠠᠬᠤ ᠳᠤ ᠵᠠᠰᠠᠭ ᠤᠨ ᠣᠷᠳᠣᠨ ᠬᠦᠴᠦᠲᠡᠶ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠵᠡᠷᠭᠡ ᠪᠠᠷ ᠠᠳᠬᠤᠨ | ᠬᠠᠮᠲᠤ ᠪᠠᠷ ᠬᠠᠮᠢᠶᠠᠷᠬᠤ ᠶᠢ ᠦᠷᠭᠦᠯᠵᠢᠯᠡᠨ ᠪᠠᠷᠢᠮᠲᠠᠯᠠᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠤᠷᠳᠤ ᠡᠳ᠋ ᠴᠠᠭᠠᠵᠠᠯᠠᠬᠤ ᠲᠦᠷᠢᠮ︾ ᠵᠡᠷᠭᠡ ᠬᠠᠮᠢᠶ᠎ᠠ ᠪᠦᠬᠦᠢ ᠬᠠᠤᠯᠢ ᠲᠤᠬᠳᠠᠭᠠᠯ ᠢ | ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠤᠷᠲᠤ ᠡᠳ᠋ ᠢ ᠴᠠᠭᠠᠵᠠᠯᠠᠬᠤ ᠤᠬᠠᠭᠤᠯᠭ᠎ᠠ ᠪᠠ ᠬᠤᠤᠷᠲᠤ | ᠡᠳ᠋ ᠢ ᠤᠷᠢᠳᠴᠢᠯᠠᠨ ᠰᠡᠷᠭᠡᠶᠢᠯᠡᠬᠦ ᠬᠥᠮᠦᠵᠢᠯ ᠢ ᠥᠷᠭᠡᠨ ᠳᠡᠯᠭᠡᠷ ᠥᠷᠨᠢᠭᠦᠯᠵᠦ᠂ ᠨᠡᠶᠢᠭᠡᠮ ᠤᠨ ᠬᠦᠴᠦᠨ ᠤ | ᠢᠳᠡᠪᠬᠢᠲᠡᠶ ᠣᠷᠣᠯᠴᠠᠬᠤ ᠶᠢ ᠭᠦᠢᠴᠡᠳ ᠳᠠᠶᠢᠴᠢᠯᠠᠨ᠂ ᠣᠯᠠᠨ ᠨᠡᠶᠢᠲᠡ ᠶᠢᠨ ᠬᠤᠤᠷᠲᠤ ᠡᠳ᠋ ᠢ ᠲᠠᠨᠢᠬᠤ᠂ ᠬᠤᠤᠷᠲᠤ | ᠡᠳ᠋ ᠢ ᠰᠡᠷᠭᠡᠶᠢᠯᠡᠬᠦ᠂ ᠬᠤᠤᠷᠲᠤ ᠡᠳ᠋ ᠢ ᠲᠡᠪᠴᠢᠬᠦ ᠦᠵᠡᠯ ᠤᠬᠠᠮᠰᠠᠷ ᠪᠠ ᠴᠢᠳᠠᠪᠤᠷᠢ ᠶᠢ ᠲᠠᠰᠤᠷᠠᠯᠳᠠ ᠦᠭᠡᠢ | ᠲᠡᠭᠡᠭᠰᠢᠯᠡᠬᠦᠯᠵᠦ᠂ ᠪᠦᠬᠦ ᠨᠡᠶᠢᠭᠡᠮ ᠢᠶᠠᠷ ᠢᠶᠠᠨ ᠬᠤᠤᠷᠳᠤ ᠡᠳ᠋ ᠴᠠᠭᠠᠵᠠᠯᠠᠬᠤ ᠠᠵᠢᠯ ᠢ ᠬᠠᠯᠠᠮᠵᠢᠯᠠᠨ ᠲᠡᠮᠵᠢᠬᠦ ᠤᠷᠴᠢᠨ | ᠠᠬᠤᠢ ᠶᠢ ᠪᠤᠢ ᠪᠤᠯᠭᠠᠨ᠎ᠠ᠃ ︵︽ᠳᠤᠮᠳᠠᠳᠤ ᠤᠯᠤᠰ ᠤᠨ ᠮᠤᠩᠭᠤᠯ ᠭᠡᠯᠡᠨ ᠤ ᠰᠤᠨᠢᠨ ᠮᠡᠳᠡᠭᠡ ᠶᠢᠨ ᠰᠦᠯᠵᠢᠶ᠎ᠠ︾ | ᠠᠴᠠ ᠰᠢᠯᠵᠢᠬᠦᠯᠪᠡ︶ | | |