| ᠵᠤᠨ ᠤ ᠰᠠᠶᠢᠬᠠᠨ ᠴᠠᠭ ᠲᠤ ᠦᠵᠡᠰᠭᠦᠯᠡᠩᠳᠦ ᠰᠠᠶᠢᠬᠠᠨ ᠠᠭᠤᠯᠠ ᠤᠰᠤ ᠨᠤᠮᠢᠨ ᠨᠤᠭᠤᠭᠠᠨ ᠲᠠᠯ᠎ᠠ | ᠨᠤᠳᠤᠭ ᠲᠦᠮᠡᠨ ᠤ ᠬᠠᠷᠠᠭ᠎ᠠ ᠶᠢ ᠪᠠᠶᠠᠰᠬᠠᠨ᠎ᠠ᠃ ᠤᠶᠢᠷ᠎ᠠ ᠶᠢᠨ ᠡᠳᠦᠷ᠂ ᠲᠦᠴᠢᠦᠸᠠᠨ ᠰᠢᠶᠠᠨ ᠤ ᠲᠦᠴᠢᠦᠸᠠᠨ | ᠪᠠᠯᠭᠠᠰᠤᠨ ᠤ ᠰᠢᠨ ᠱᠧᠩ ᠲᠣᠰᠬᠤᠨ ᠳᠤ᠂ ᠣᠶ ᠰᠢᠭᠤᠶ ᠬᠠᠮᠠᠭᠠᠯᠠᠭᠴᠢᠳ ᠤᠢ ᠰᠢᠭᠤᠶ ᠶᠢᠨ ᠳᠤᠮᠳᠠ ᠡᠮ | ᠰᠦᠷᠴᠢᠨ ᠠᠷᠢᠭᠤᠳᠬᠠᠵᠤ᠂ ᠣᠶ ᠰᠢᠭᠤᠶ ᠶᠢ ᠲᠣᠭᠤᠷᠢᠨ ᠨᠣᠭᠤᠭᠠᠷᠠᠭᠤᠯᠵᠤ᠂ ᠬᠥᠬᠡᠮᠳᠦᠭ ᠨᠣᠭᠤᠭᠠᠨ ᠠᠭᠤᠯᠠ | ᠤᠰᠤᠨ ᠤ ᠳᠤᠮᠳᠠᠬᠢ ᠬᠠᠮᠤᠭ ᠤᠨ ᠭᠤᠶᠢᠳᠡ ᠦᠵᠡᠮᠵᠢ ᠶᠢ ᠪᠦᠷᠢᠳᠦᠭᠦᠯᠦᠨ᠎ᠡ᠃ | ᠲᠦᠴᠢᠦᠸᠠᠨ ᠰᠢᠶᠠᠨ ︽ᠣᠶ ᠶᠢᠨ ᠳᠠᠷᠤᠭ᠎ᠠ ᠶᠢᠨ ᠲᠦᠷᠢᠮ︾ ᠤᠨ ᠠᠩᠬᠠᠳᠠᠭᠴᠢ ᠲᠤᠷᠰᠢᠯᠲᠠ ᠶᠢᠨ | ᠲᠣᠰᠬᠤᠨ ᠪᠣᠯᠤᠭᠰᠠᠨ ᠤ ᠬᠤᠪᠢ ᠳᠤ᠂ ᠰᠢᠨ ᠱᠧᠩ ᠲᠣᠰᠬᠤᠨ ᠨᠢ ᠲᠣᠰᠬᠤᠨ ᠢᠶᠠᠷ ᠨᠢᠭᠡᠴᠢ ᠪᠣᠯᠭᠠᠭᠰᠠᠨ ᠣᠶ ᠶᠢᠨ | ᠳᠠᠷᠤᠭ᠎ᠠ ᠪᠣᠯᠤᠨ ᠲᠣᠰᠬᠤᠨ ᠤ ᠱᠠᠲᠤᠨ ᠤ ᠲᠤᠤᠷᠵᠢᠯ ᠤᠨ ᠳᠠᠷᠤᠭ᠎ᠠ ᠶᠢᠨ ᠰᠢᠰᠲ᠋ᠧᠮ ᠤᠨ ᠰᠢᠨ᠎ᠡ ᠶᠢ ᠡᠭᠦᠳᠴᠦ᠂ | ᠣᠶ ᠰᠢᠭᠤᠶ ᠶᠢ ᠬᠠᠮᠠᠭᠠᠯᠠᠬᠤ ᠬᠠᠷᠢᠭᠤᠴᠠᠯᠭ᠎ᠠ ᠶᠢ ᠲᠣᠰᠬᠤᠨ ᠤ ᠠᠷᠠᠳ ᠨᠢᠭᠡᠪᠦᠷᠢ ᠳᠤ ᠨᠠᠷᠢᠯᠢᠭᠵᠢᠭᠤᠯᠵᠤ᠂ | ᠲᠣᠰᠬᠤᠨ ᠤ ᠠᠷᠠᠳ ᠢ ᠬᠥᠬᠡᠮᠳᠦᠭ ᠨᠣᠭᠤᠭᠠᠨ ᠠᠭᠤᠯᠠ ᠤᠰᠤ ᠶᠢᠨ ᠬᠠᠮᠠᠭᠠᠯᠠᠭᠴᠢ ᠪᠣᠯᠭᠠᠵᠠᠶ᠃ ︽ᠡᠨᠡ ᠬᠡᠰᠡᠭ | ᠠᠭᠤᠯᠠ ᠶᠢᠨ ᠬᠠᠮᠠᠭᠠᠯᠠᠬᠴᠢ ᠪᠤᠯᠵᠦ ᠲᠡᠭᠦᠨ ᠢ ᠨᠣᠭᠤᠭᠠᠷᠠᠭᠤᠯᠬᠤ ᠨᠢ ᠮᠢᠨᠦ ᠬᠠᠷᠢᠭᠤᠴᠠᠯᠭ᠎ᠠ᠂ ᠬᠥᠬᠡᠮᠳᠦᠭ | ᠨᠣᠭᠤᠭᠠᠨ ᠠᠭᠤᠯᠠ ᠤᠰᠤ ᠪᠠᠨ ᠰᠠᠶᠢᠲᠤᠷ ᠬᠠᠮᠠᠭᠠᠯᠠᠬᠤ ᠨᠢ ᠤᠯᠠᠨ ᠲᠦᠮᠡᠨ ᠳᠤ ᠬᠤᠪᠢ ᠨᠡᠮᠡᠷᠢ ᠦᠵᠡᠭᠦᠯᠬᠦ ᠶᠢᠨ | ᠲᠥᠯᠥᠭᠡ ᠶᠤᠮ︾ ᠭᠡᠵᠦ ᠰᠢᠨ ᠱᠧᠩ ᠲᠣᠰᠬᠤᠨ ᠤ ᠣᠶ ᠬᠠᠮᠠᠭᠠᠯᠠᠭᠴᠢ ᠴᠧᠨ ᠹᠧᠩ ᠬᠤᠸᠠ ᠶᠠᠷᠢᠨ᠎ᠠ᠃ | ᠲᠦᠷᠦᠭᠦᠬᠡᠨ᠂ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠡᠶᠢᠲᠡᠯᠡᠭᠰᠡᠨ | 2024 ᠣᠨ ᠤ ᠣᠶ ᠶᠢᠨ ᠳᠠᠷᠤᠭ᠎ᠠ ᠶᠢᠨ ᠲᠦᠷᠢᠮ ᠤᠨ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠭᠰᠠᠨ ᠦᠷ᠎ᠡ | ᠳ᠋ᠦᠩ ᠳᠤ᠂ ᠬᠢᠩᠭᠠᠨ ᠠᠶᠢᠮᠠᠭ ︽2024 ᠣᠨ ᠤ ᠣᠶ ᠶᠢᠨ ᠳᠠᠷᠤᠭ᠎ᠠ ᠶᠢᠨ ᠲᠦᠷᠢᠮ ᠤᠨ ᠤᠷᠮᠠᠰᠢᠭᠤᠯᠤᠯ | ᠰᠠᠶᠢᠰᠢᠶᠠᠯ ᠤᠨ ᠬᠤᠲᠠ ᠰᠢᠶᠠᠨ︾ ᠢᠶᠠᠷ ᠦᠨᠡᠯᠡᠭᠳᠡᠪᠡ᠃ | ᠤᠢ ᠮᠣᠳᠣ ᠶᠢ ᠲᠠᠷᠢᠬᠤ ᠬᠥᠮᠦᠨ ᠲᠠᠢ᠂ ᠤᠢ ᠶᠢ ᠬᠠᠮᠠᠭᠠᠯᠠᠬᠤ ᠬᠥᠮᠦᠨ ᠲᠠᠢ᠂ ᠬᠠᠷᠢᠭᠤᠴᠠᠯᠭ᠎ᠠ ᠶᠢ | ᠡᠭᠦᠷᠭᠡᠯᠡᠬᠦ ᠬᠥᠮᠦᠨ ᠲᠠᠢ ᠪᠠᠶᠢᠬᠤ ᠪᠣᠯ ᠬᠢᠩᠭᠠᠨ ᠠᠶᠢᠮᠠᠭ ᠤᠨ ︽ᠤᠢ ᠶᠢᠨ ᠳᠠᠷᠤᠭ᠎ᠠ ᠶᠢᠨ ᠲᠦᠷᠢᠮ︾ ᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢᠨ ᠵᠠᠩᠭᠢᠯᠠᠭ᠎ᠠ ᠪᠣᠯᠤᠨ᠎ᠠ᠃ ︽ᠬᠢᠩᠭᠠᠨ ᠠᠶᠢᠮᠠᠭ ᠤᠨ ᠣᠶ ᠰᠢᠭᠤᠶ ᠨᠤᠳᠤᠭ | ᠪᠡᠯᠴᠢᠭᠡᠷ ᠤᠨ ᠳᠠᠷᠤᠭ᠎ᠠ ᠶᠢᠨ ᠲᠦᠷᠢᠮ ᠤᠨ ᠠᠵᠢᠯ ᠤᠨ ᠭᠤᠤᠯᠳᠠᠯᠭ᠎ᠠ︾ ᠨᠢ ᠶᠠᠭ ᠯᠠ ᠨᠠᠷᠢᠨ ᠣᠨᠣᠪᠴᠢᠲᠠᠶ ︽ | ᠠᠵᠢᠯᠯᠠᠭᠠᠨ ᠤ ᠭᠠᠷ ᠳᠡᠪᠲᠡᠷ︾ ᠰᠢᠭ 31 ᠵᠤᠷᠪᠤᠰ ᠪᠣᠳᠠᠲᠠᠶ ᠨᠠᠷᠢᠨ ᠲᠦᠷᠢᠮ ᠢ ᠵᠢᠭᠰᠠᠭᠠᠵᠤ᠂ ᠲᠣᠳᠣᠷᠬᠠᠶ | ᠬᠠᠷᠢᠭᠤᠴᠠᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠪᠠ᠃ 2020 ᠣᠨ ᠳᠤ ᠲᠤᠷᠰᠢᠯᠲᠠ ᠶᠢ | ᠡᠬᠢᠯᠡᠭᠦᠯᠦᠭᠰᠡᠨ ᠠᠴᠠ ᠣᠲᠣ ᠪᠣᠯᠲᠠᠯ᠎ᠠ᠂ ᠬᠢᠩᠭᠠᠨ ᠠᠶᠢᠮᠠᠭ ᠤᠨ ᠡᠯ᠎ᠡ ᠱᠠᠲᠤᠨ ᠤ ᠣᠶ ᠶᠢᠨ ᠳᠠᠷᠤᠭ᠎ᠠ ᠨᠢᠭᠡᠨᠲᠡ | 1700 ᠭᠠᠷᠤᠶ ᠬᠥᠮᠦᠨ ᠪᠣᠯᠵᠣ᠂ ᠣᠶ ᠬᠠᠮᠠᠭᠠᠯᠠᠭᠴᠢ 1 ᠲᠦᠮᠡᠨ ᠬᠥᠮᠦᠨ ᠢ ᠳᠠᠪᠠᠪᠠ᠃ ᠲᠡᠳᠡᠨ ᠤ ᠬᠠᠮᠲᠤ ᠶᠢᠨ | ᠴᠢᠷᠮᠠᠶᠢᠯᠭ᠎ᠠ ᠪᠠᠷ᠂ ᠬᠢᠩᠭᠠᠨ ᠠᠶᠢᠮᠠᠭ ᠤᠨ ᠣᠶ ᠰᠢᠭᠤᠶ ᠶᠢᠨ ᠪᠦᠷᠬᠦᠴᠡ ᠶᠢᠨ ᠨᠣᠷᠮ᠎ᠠ 2021 ᠣᠨ ᠳᠤ 26. | 08% ᠪᠠᠶᠢᠭᠰᠠᠨ ᠠᠴᠠ ᠪᠠᠨ ᠲᠣᠭᠲᠠᠭᠤᠨ ᠢᠶᠠᠷ ᠳᠡᠭᠡᠭᠰᠢᠯᠡᠭᠡᠳ 2024 ᠣᠨ ᠳᠤ 26.74% ᠪᠣᠯᠵᠣ᠂ | ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠴᠢᠬᠤᠯᠠ | ᠲᠤᠯᠭᠠᠭᠤᠷᠢᠯᠠᠯ ᠬᠠᠩᠭᠠᠪᠠ᠃ | ᠵᠠᠯᠠᠶᠢᠳ ᠬᠤᠰᠢᠭᠤᠨ ᠳᠤ ᠤᠢ ᠬᠠᠮᠠᠭᠠᠯᠠᠭᠴᠢᠳ ᠡᠳᠦᠷ ᠪᠦᠷᠢ ᠲᠣᠭᠤᠷᠢᠨ ᠬᠠᠮᠠᠭᠠᠯᠠᠬᠤ ᠡᠭᠦᠷᠭᠡ ᠪᠠᠨ | ᠨᠠᠷᠢᠨ ᠬᠢᠨᠠᠮᠠᠭᠠᠶ ᠪᠡᠶᠡᠯᠡᠭᠦᠯᠵᠤ ᠪᠠᠶᠢᠬᠤ ᠪᠠᠷ ᠪᠠᠷᠠᠬᠤ ᠥᠬᠡᠶ ᠪᠠᠰᠠ ᠣᠲᠣ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠨ᠂ ᠡᠷᠲᠡᠨ ᠤ ᠮᠣᠳᠣᠨ ᠤ ᠳᠤᠯᠠᠭᠠᠨ ᠴᠢᠭᠢᠭ ᠤᠨ ᠬᠡᠮᠵᠢᠶ᠎ᠡ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠵᠡᠷᠭᠡ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠬᠤᠷᠣᠬᠠᠶᠢᠲᠤᠬᠤ | ᠬᠡᠮ ᠰᠣᠭᠤᠭ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠡᠷᠲᠡᠨ ᠤ ᠮᠣᠳᠣ ᠶᠢ ᠪᠥᠬᠦ ᠦᠶᠡᠯᠡᠯ ᠤᠨ | ᠬᠤᠭᠤᠴᠠᠭᠠᠨ ᠳᠤ ᠨᠠᠷᠢᠨ ᠨᠢᠮᠪᠠᠶ ᠬᠠᠮᠢᠶᠠᠷᠤᠨ ᠬᠠᠮᠠᠭᠠᠯᠠᠪᠠ᠃ | ᠨᠤᠮᠢᠨ ᠤᠰᠤ ᠬᠥᠬᠡᠮᠳᠦᠭ ᠠᠭᠤᠯᠠ ᠪᠣᠯ ᠠᠮᠢ ᠠᠬᠤᠢ ᠶᠢᠨ ᠡᠳ᠋ ᠪᠠᠶᠠᠯᠢᠭ ᠪᠣᠯᠬᠤ ᠪᠠᠷ ᠪᠠᠷᠠᠬᠤ ᠦᠭᠡᠢ | ᠨᠡᠩ ᠴᠤ ᠠᠵᠤ ᠠᠬᠤᠢ ᠶᠢᠨ ᠡᠳ᠋ ᠪᠠᠶᠠᠯᠢᠭ ᠮᠥᠨ᠃ ᠰᠠᠶᠢᠨ ᠰᠠᠶᠢᠬᠠᠨ ᠠᠮᠢ ᠠᠬᠤᠶ ᠶᠢᠨ ᠣᠷᠴᠢᠨ ᠲᠣᠭᠤᠷᠢᠨ ᠪᠣᠯ | ᠬᠢᠩᠭᠠᠨ ᠠᠶᠢᠮᠠᠭ ᠤᠨ ᠵᠡᠭᠦᠨ ᠬᠤᠶᠢᠲᠤ ᠣᠷᠣᠨ ᠳᠤ ᠰᠠᠭᠤᠷᠢᠯᠠᠭᠰᠠᠨ ᠬᠥᠭᠵᠢᠯᠲᠡ ᠶᠢᠨ ᠡᠷᠬᠢᠮ ᠨᠠᠨᠳᠢᠨ ᠡᠬᠢ | ᠪᠠᠶᠠᠯᠢᠭ ᠪᠠ ᠴᠢᠬᠤᠯᠠ ᠲᠤᠯᠭᠠᠭᠤᠷᠢᠯᠠᠯ ᠪᠣᠯᠤᠨ᠎ᠠ᠃ ᠬᠢᠩᠭᠠᠨ ᠠᠶᠢᠮᠠᠭ ︽ᠤᠢ ᠶᠢᠨ ᠳᠠᠷᠤᠭ᠎ᠠ +︾ ᠵᠠᠭᠪᠤᠷ ᠢ | ᠢᠳᠡᠪᠬᠢᠲᠡᠢ ᠠᠬᠢᠭᠤᠯᠵᠤ᠂ ᠪᠣᠬᠢᠷᠲᠤᠯ ᠦᠭᠡᠢ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠨᠣᠭᠤᠭᠠᠨ | ᠬᠦᠮᠦᠷᠬᠡ︾ ᠶᠢ ᠦᠨᠡᠨ ᠪᠣᠳᠠᠲᠠᠢ ︽ᠠᠯᠲᠠᠨ ᠬᠦᠮᠦᠷᠬᠡ︾ ᠪᠣᠯᠭᠠᠨ ᠬᠤᠪᠢᠷᠠᠭᠤᠯᠪᠠ᠃ ᠬᠡᠭᠡᠷ᠎ᠡ ᠶᠢᠨ ᠲᠢᠲᠢᠮ | ᠵᠢᠮᠢᠰ᠂ ᠡᠯᠡᠰᠦᠨ ᠵᠢᠮᠢᠰ ᠵᠢᠴᠢ ᠣᠶ ᠶᠢᠨ ᠬᠤᠷᠮᠣᠶ ᠶᠢᠨ ᠢᠳᠡᠰᠢᠨ ᠮᠥᠭᠦ ᠵᠡᠷᠭᠡ ᠰᠠᠭᠤᠷᠢᠨ ᠤ ᠪᠥᠲᠥᠭᠡᠨ | ᠪᠠᠶᠢᠭᠤᠯᠤᠯᠲᠠ ᠶᠢᠨ ᠬᠡᠪᠴᠢᠶ᠎ᠡ ᠶᠢ ᠭᠤᠤᠯᠳᠠᠯᠭ᠎ᠠ ᠲᠠᠢ ᠠᠬᠢᠭᠤᠯᠬᠤ ᠪᠠᠷ ᠳᠠᠮᠵᠢᠨ᠂ ᠲᠤᠯᠤᠭᠠᠶᠢᠯᠠᠬᠴᠢ ᠠᠵᠤ | ᠠᠬᠤᠶᠢᠯᠠᠯ ᠢ ᠲᠡᠳᠬᠦᠨ ᠪᠤᠵᠠᠭᠠᠶᠢᠷᠠᠭᠤᠯᠵᠤ᠂ ᠬᠢᠩᠭᠠᠨ ᠠᠶᠢᠮᠠᠭ ᠡᠨᠡ ᠵᠢᠯ ᠤᠨ ᠳᠣᠲᠣᠷ᠎ᠠ ᠣᠶ ᠰᠢᠭᠤᠶ ᠡᠪᠡᠰᠦᠨ ᠤ | ᠦᠢᠯᠡᠳᠬᠦᠨ ᠤ ᠥᠷᠲᠡᠭ ᠢ 6% ᠠᠴᠠ ᠳᠡᠭᠡᠭᠰᠢ ᠳᠤ ᠬᠦᠷᠬᠡᠬᠦ ᠪᠠᠷ ᠲᠥᠯᠥᠪᠯᠡᠵᠦ ᠪᠣᠶ᠃ | ᠲᠦᠴᠢᠦᠸᠠᠨ ᠰᠢᠶᠠᠨ ᠤ ᠳ᠋ᠦᠩᠹᠧᠩ ᠣᠶ ᠰᠢᠭᠤᠶ ᠶᠢᠨ ᠲᠠᠯᠠᠪᠠᠶ ᠶᠢᠨ ᠭᠡᠭᠡᠷ᠎ᠡ ᠶᠢᠨ ᠲᠠᠤᠯᠠᠢ ᠶᠢᠨ | ᠪᠦᠭᠡᠷ᠎ᠡ ᠶᠢᠨ ᠮᠤᠳᠤᠨ ᠤ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠯᠢᠦ ᠹᠧᠩ ᠬᠠᠶ᠄ ︽ᠭᠡᠭᠡᠷ᠎ᠡ ᠶᠢᠨ | ᠳᠠᠤᠯᠠᠢ ᠶᠢᠨ ᠪᠦᠭᠡᠷ᠎ᠡ ᠶᠢᠨ ᠮᠤᠳᠤᠨ ᠤ ᠦᠷ᠎ᠡ ᠵᠢᠮᠢᠰ ᠠᠴᠠ ᠨᠢ ᠲᠣᠰᠣ ᠰᠢᠬᠠᠵᠤ᠂ ᠮᠥ ᠪᠦᠷᠢ ᠶᠢᠨ ᠣᠷᠣᠯᠭ᠎ᠠ 1 | ᠲᠦᠮᠡᠨ ᠲᠥᠭᠦᠷᠢᠭ ᠲᠤ ᠬᠦᠷᠴᠦ ᠪᠤᠢ︾ ᠬᠡᠵᠤ ᠲᠠᠨᠢᠯᠴᠠᠭᠤᠯᠤᠨ᠎ᠠ᠃ ᠵᠠᠯᠠᠶᠢᠳ ᠬᠤᠰᠢᠭᠤᠨ ᠤ ᠲᠦᠪ ᠣᠶ | ᠰᠢᠭᠤᠶ ᠶᠢᠨ ᠲᠠᠯᠠᠪᠠᠶ ᠶᠢᠨ ᠫᠢᠩ ᠡᠸᠦ ᠲᠣᠮᠣ ᠵᠢᠮᠢᠰ ᠰᠢᠳ ᠳᠠᠷᠢᠬᠤ ᠰᠠᠭᠤᠷᠢᠨ ᠳᠤ᠂ ᠮᠡᠷᠭᠡᠵᠢᠯ ᠤᠨ ᠵᠥᠪᠯᠡᠭᠴᠢ | ᠵᠠᠩ ᠰᠢᠶᠠᠨ ᠴᠢᠦ᠄ ︽ᠲᠠᠷᠠᠭᠠᠴᠢ ᠶᠢᠨ ᠠᠯᠬᠤᠮ ᠳᠤ᠂ ᠪᠢᠳᠡ ᠮᠣᠳᠣᠨ ᠳᠤᠤᠷ᠎ᠠ ᠡᠮ ᠤᠨ ᠮᠠᠲ᠋ᠧᠷᠢᠶᠠᠯ᠂ ᠪᠤᠷᠤ | ᠴᠠᠷᠭᠠᠰᠤ ᠵᠡᠷᠭᠡ ᠶᠢ ᠳᠠᠷᠢᠵᠤ᠂ ᠣᠶ ᠰᠢᠭᠤᠢ ᠶᠢᠨ ᠬᠤᠶᠠᠳᠤᠭᠠᠷ ᠠᠵᠤ ᠦᠢᠯᠡᠰ ᠢ ᠬᠥᠭᠵᠢᠭᠦᠯᠤᠨ᠂ ᠮᠥ ᠪᠦᠷᠢ ᠶᠢᠨ | ᠦᠷ᠎ᠡ ᠠᠰᠢᠭ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠤᠯᠠᠮ ᠳᠡᠭᠡᠭᠰᠢᠯᠡᠭᠦᠯᠬᠦ ᠪᠠᠷ ᠲᠥᠯᠥᠪᠯᠡᠵᠦ | ᠪᠠᠶᠢᠨ᠎ᠠ︾ ᠭᠡᠵᠦ ᠢᠷᠡᠭᠡᠳᠦᠶ ᠶᠢᠨ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠨ᠎ᠠ᠃ | ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠢ ᠶᠢᠨ ᠳᠠᠷᠤᠭ᠎ᠠ ᠶᠢᠨ ᠲᠦᠷᠢᠮ ᠤᠨ ᠠᠵᠢᠯ ᠢ | ᠦᠷᠭᠦᠯᠵᠢᠯᠡᠨ ᠠᠬᠢᠭᠤᠯᠵᠤ᠂ ᠤᠢ ᠰᠢᠭᠤᠢ ᠶᠢ ᠬᠠᠮᠠᠭᠠᠯᠠᠬᠤ᠂ ᠤᠢ ᠰᠢᠭᠤᠢ ᠶᠢ ᠬᠠᠮᠢᠶᠠᠷᠬᠤ᠂ ᠤᠢ ᠰᠢᠭᠤᠢ ᠶᠢ | ᠨᠡᠮᠡᠭᠳᠡᠭᠦᠯᠬᠦ ᠳᠡᠭᠡᠷ᠎ᠡ ᠬᠦᠴᠦᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠬᠤᠷᠢᠭ᠎ᠠ ᠱᠤᠭᠤᠮ ᠢ ᠰᠠᠬᠢᠵᠤ᠂ ᠠᠮᠢ | ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠤᠢ ᠶᠢᠨ ᠳᠠᠷᠤᠭ᠎ᠠ ᠶᠢᠨ ᠲᠦᠷᠢᠮ ᠢᠶᠠᠷ ᠤᠷᠳᠦ | ᠬᠤᠭᠤᠴᠠᠭᠠᠨ ᠤ ᠵᠠᠰᠠᠯᠲᠠ ᠶᠢ ᠠᠬᠢᠭᠤᠯᠬᠤ ᠶᠢ ᠪᠡᠶᠡᠯᠡᠭᠦᠯᠪᠡ᠃ | 2024 ᠣᠨ ᠳᠤ 47.2 ᠲᠦᠮᠡᠨ ᠮᠥ ᠡᠯᠡᠰᠦ ᠶᠢ ᠵᠠᠰᠠᠵᠤ᠂ 28.85 ᠲᠦᠮᠡᠨ ᠮᠥ ᠣᠶᠢᠵᠢᠭᠤᠯᠵᠤ᠂ | ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠳᠤ ᠬᠡᠳᠦᠷᠡᠳᠡᠯ᠎ᠠ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠢ ᠥᠷᠨᠢᠭᠦᠯᠵᠦ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠳᠤ ᠲᠤᠰᠠᠯᠠᠵᠤ ᠱᠠᠩᠨᠠᠬᠤ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠢᠭᠠᠯᠲᠠ ᠲᠤᠭ᠎ᠠ ᠶᠢ | ᠪᠦᠬᠦᠨ ᠢ 10% ᠠᠴᠠ ᠳᠣᠷᠣᠭᠰᠢ ᠪᠣᠯᠲᠠᠯ᠎ᠠ ᠪᠠᠭᠤᠷᠠᠭᠤᠯᠵᠠᠢ᠃ ᠪᠥᠬᠦ ᠣᠷᠣᠨ ᠪᠦᠰᠡ ᠳᠤ ᠣᠶ ᠰᠢᠭᠤᠶ ᠶᠢᠨ | ᠨᠡᠭᠦᠷᠡᠰᠦᠲᠥ᠋ᠷᠥᠭᠴᠢ ᠶᠢ ᠰᠢᠩᠬᠡᠬᠡᠨ ᠠᠪᠬᠤ ᠶᠢ ᠨᠡᠭᠡᠭᠡᠨ ᠬᠥᠭᠵᠢᠭᠦᠯᠵᠦ᠂ ᠨᠡᠭᠦᠷᠡᠰᠦᠲᠥ᠋ᠷᠥᠭᠴᠢ ᠶᠢ ᠰᠢᠩᠬᠡᠬᠡᠨ | ᠠᠪᠬᠤ ᠠᠷᠠᠯᠵᠢᠶ᠎ᠠ ᠶᠢ 582 ᠲᠦᠮᠡᠨ ᠲᠥᠭᠦᠷᠢᠭ ᠪᠡᠶᠡᠯᠡᠭᠦᠯᠵᠦ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ | ᠣᠨᠴᠠᠯᠢᠭᠲᠤ ᠣᠶ ᠰᠢᠭᠤᠶ ᠵᠢᠮᠢᠰ ᠤᠨ ᠠᠵᠤ ᠦᠢᠯᠡᠰ᠂ ᠣᠶ ᠮᠣᠳᠣᠨ ᠤ ᠦᠷ᠎ᠡ ᠴᠢᠬᠢ ᠪᠤᠶᠢᠵᠢᠭᠤᠯᠬᠤ ᠠᠵᠤ | ᠦᠢᠯᠡᠰ ᠪᠣᠯᠤᠨ ᠣᠶ ᠰᠢᠭᠤᠢ ᠶᠢᠨ ᠠᠵᠤ ᠠᠬᠤᠶ ᠵᠡᠷᠭᠡ ᠠᠵᠤ ᠦᠢᠯᠡᠰ ᠢ ᠬᠥᠭᠵᠢᠭᠦᠯᠬᠦ ᠪᠠᠷ ᠳᠡᠮᠵᠢᠨ᠂ ᠣᠶ | ᠰᠢᠭᠤᠶ ᠡᠪᠡᠰᠦᠨ ᠤ ᠠᠵᠤ ᠦᠢᠯᠡᠰ ᠤᠨ ᠶᠡᠷᠦᠩᠬᠡᠶ ᠦᠢᠯᠡᠳᠬᠦᠨ ᠤ ᠥᠷᠲᠡᠭ 53.95 ᠳ᠋ᠦᠩᠰᠢᠭᠤᠷ | ᠲᠥᠭᠦᠷᠢᠭ ᠲᠤ ᠬᠦᠷᠴᠦ᠂ 2023 ᠣᠨ ᠤ ᠬᠢ ᠠᠴᠠ 25.58% ᠳᠡᠭᠡᠭᠰᠢᠯᠡᠪᠡ᠃ ᠠᠮᠢ ᠠᠬᠤᠢ ᠶᠢᠨ ᠥᠷᠲᠡᠭ ᠢ | ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠪᠠ᠃ | ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠶᠦᠨ ᠹᠧᠩ᠄ ︽ᠪᠢᠳᠡ ᠤᠯᠤᠰ ᠤᠨ ᠨᠤᠲᠤᠭ | ᠳᠡᠪᠢᠰᠭᠡᠷ ᠤᠨ ᠨᠣᠭᠤᠭᠠᠷᠠᠭᠤᠯᠤᠯᠲᠠ ᠶᠢᠨ ᠨᠡᠮᠡᠭᠳᠡᠯ ᠤᠨ ᠬᠤᠷᠳᠤᠴᠠ᠂ ᠣᠶ ᠰᠢᠭᠤᠶ ᠡᠪᠡᠰᠦ ᠪᠡᠯᠴᠢᠭᠡᠷ ᠤᠨ ᠶᠠᠰᠤ | ᠴᠢᠨᠠᠷ ᠤᠨ ᠳᠡᠭᠡᠭᠰᠢᠯᠡᠯᠲᠡ᠂ ᠠᠵᠤ ᠦᠢᠯᠡᠰ ᠢᠶᠠᠷ ᠠᠷᠠᠳ ᠢ ᠪᠠᠶᠠᠵᠢᠭᠤᠯᠵᠤ ᠦᠷ᠎ᠡ ᠠᠰᠢᠭ ᠢ ᠨᠡᠮᠡᠭᠳᠡᠭᠦᠯᠬᠦ ᠶᠢ | ᠦᠷᠭᠦᠯᠵᠢᠯᠡᠨ ᠪᠥᠬᠦ ᠲᠠᠯ᠎ᠠ ᠪᠠᠷ ᠠᠬᠢᠭᠤᠯᠵᠤ᠂ ᠨᠠᠩ ᠡᠷᠡᠰ ᠪᠠᠲᠤ ᠵᠣᠷᠢᠭ ᠪᠠ ᠨᠠᠩ ᠬᠦᠴᠦᠲᠡᠶ ᠠᠷᠭ᠎ᠠ | ᠬᠡᠮᠵᠢᠶ᠎ᠡ ᠪᠠᠷ ᠦᠵᠡᠰᠭᠦᠯᠡᠩᠲᠦ ᠰᠠᠶᠢᠬᠠᠨ ᠬᠢᠩᠭᠠᠨ ᠢ ᠪᠥᠲᠥᠭᠡᠨ ᠪᠠᠶᠢᠭᠤᠯᠬᠤ᠂ ᠤᠮᠠᠷᠠᠲᠤ ᠶᠢᠨ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ᠂ ᠵᠡᠭᠦᠨ ᠬᠤᠶᠢᠲᠤ ᠣᠷᠣᠨ ᠢ ᠪᠥᠬᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠡᠭᠡ ᠲᠠᠯ᠎ᠠ ᠳᠤ ᠦᠢᠯᠡᠴᠢᠯᠡᠬᠦ ᠳᠤ ᠣᠶ ᠰᠢᠭᠤᠶ ᠡᠪᠡᠰᠦ ᠪᠡᠯᠴᠢᠭᠡᠷ ᠤᠨ ᠰᠢᠰᠲ᠋ᠧᠮ ᠤᠨ | ᠬᠦᠴᠦᠨ ᠴᠢᠳᠠᠯ ᠢᠶᠠᠨ ᠡᠷᠭᠦᠨ᠎ᠡ︾ ᠬᠡᠪᠠ᠃ ︵ᠭᠤᠤ ᠮᠢᠨ ᠨᠠ︶ | | |