ᠬᠢᠨᠭ᠍ᠭᠠᠨ ᠠᠶᠢᠮᠠᠭ ᠠᠰᠢᠬᠳᠠᠢ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ ᠠᠵᠢᠯ ᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2025/6/3
        ᠤᠶᠢᠷ᠎ᠠ ᠶᠢᠨ ᠵᠢᠯ ᠠᠴᠠ ᠨᠠᠭᠠᠰᠢ᠂ ᠬᠢᠨᠭ᠍ᠭᠠᠨ ᠠᠶᠢᠮᠠᠭ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠠᠮᠢᠶᠠᠷᠤᠯᠲᠠ ᠶᠢᠨ ᠲᠣᠭᠲᠠᠴᠠ᠂ ᠨᠠᠷᠢᠯᠢᠭ ᠣᠨᠣᠴᠠᠲᠠᠶ ᠪᠠᠷ ᠨᠦᠬᠦᠪᠦᠷᠢ ᠥᠭᠬᠦ ᠪᠠ ᠤᠰᠤ ᠠᠷᠪᠢᠯᠠᠬᠤ ᠶᠢ ᠱᠠᠩᠨᠠᠨ ᠬᠥᠬᠢᠭᠦᠯᠬᠦ ᠲᠣᠭᠲᠠᠴᠠ ᠵᠢᠴᠢ ᠪᠠᠷᠢᠯᠭ᠎ᠠ ᠶᠢᠨ ᠬᠠᠮᠢᠶᠠᠷᠤᠨ ᠬᠠᠮᠠᠭᠠᠯᠠᠬᠤ ᠲᠣᠭᠲᠠᠴᠠ ᠵᠡᠷᠭᠡ ︽ᠳᠥᠷᠪᠡᠨ ᠲᠣᠭᠲᠠᠴᠠ︾ ᠶᠢ ᠪᠠᠶᠢᠭᠤᠯᠵᠤ᠂ 700 ᠲᠦᠮᠡᠨ ᠮᠥ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠵᠤ᠂ 85 ᠲᠦᠮᠡᠨ ᠮᠦ ᠶᠢᠨ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠲᠤᠰᠤᠯᠭᠠᠨ ᠤᠰᠤᠯᠠᠯᠲᠠ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠵᠡᠷᠭᠡ ᠤᠰᠤ ᠠᠷᠪᠢᠯᠠᠬᠤ ᠲᠥᠷᠥᠯ ᠵᠦᠢᠯ ᠢ ᠬᠡᠷᠡᠭᠵᠢᠭᠦᠯᠵᠦ᠂ 65 ᠲᠦᠮᠡᠨ ᠮᠦ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠶ ᠶᠢ ᠰᠢᠨ᠎ᠡ ᠪᠠᠷ ᠨᠡᠮᠡᠭᠳᠡᠭᠦᠯᠪᠠ᠃        ᠬᠢᠨᠭ᠍ᠭᠠᠨ ᠠᠶᠢᠮᠠᠭ ᠪᠠᠰᠠ ︽ᠬᠤᠣᠰ ᠱᠤᠭᠤᠮ︾ ᠤᠨ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠠᠵᠤ ᠦᠢᠯᠡᠳᠪᠦᠷᠢ ᠶᠢᠨ ᠠᠵᠢᠯ ᠲᠥᠷᠥᠯ ᠤᠨ ᠤᠰᠤ ᠬᠡᠷᠡᠭᠯᠡᠬᠦ ᠲᠣᠭᠲᠠᠭᠰᠠᠨ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠲᠡᠷᠢᠭᠦᠨ ᠤ ᠤᠰᠤ ᠠᠷᠪᠢᠯᠠᠬᠤ ᠮᠡᠷᠭᠡᠵᠢᠯ ᠪᠠ ᠤᠰᠤ ᠠᠷᠪᠢᠯᠠᠬᠤ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠡᠷᠡᠭᠯᠡᠬᠦ ᠤᠰᠤᠨ ᠤ ᠳᠠᠬᠢᠨ ᠠᠰᠢᠭᠯᠠᠬᠤ ᠨᠣᠷᠮ᠎ᠠ ᠶᠢ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ 3 ᠪᠣᠬᠢᠷᠲᠤᠯ ᠥᠬᠡᠶ ᠦᠢᠯᠡᠳᠪᠦᠷᠢ ᠪᠠ 1 ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠵᠤ᠂ ᠠᠶᠢᠮᠠᠭ ᠤᠨ ᠲᠠᠰ ᠤᠨ 10 ᠪᠣᠬᠢᠷᠲᠤᠯ ᠥᠬᠡᠶ ᠦᠢᠯᠡᠳᠪᠦᠷᠢ ᠪᠠ 3 ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠪᠠᠶᠢᠭᠤᠯᠪᠠ᠃        ᠡᠭᠦᠨ ᠤ ᠬᠠᠮᠳᠦ᠂ ᠬᠢᠨᠭ᠍ᠭᠠᠨ ᠠᠶᠢᠮᠠᠭ ᠲᠥᠷᠥᠯ ᠵᠦᠢᠯ ᠤᠨ ᠬᠡᠷᠡᠭᠵᠢᠭᠦᠯᠦᠯᠲᠡ ᠶᠢ ᠴᠢᠩᠭᠠᠳᠬᠠᠵᠤ᠂ ᠤᠰᠤ ᠬᠠᠩᠭᠠᠬᠤ ᠬᠤᠭᠤᠯᠠᠶ ᠲᠣᠣᠷ ᠢ ᠰᠢᠨᠡᠳᠭᠡᠨ ᠥᠭᠡᠷᠡᠴᠢᠯᠡᠬᠦ 12 ᠲᠥᠷᠥᠯ ᠵᠦᠢᠯ ᠢ ᠬᠡᠷᠡᠭᠵᠢᠭᠦᠯᠵᠦ᠂ 39.1 ᠺᠢᠯᠣᠮᠧᠲᠷ ᠬᠤᠭᠤᠯᠠᠶ ᠲᠣᠣᠷ ᠢ ᠥᠭᠡᠷᠡᠴᠢᠯᠡᠵᠦ᠂ ᠵᠢᠯ ᠤᠨ ᠰᠡᠭᠦᠯᠴᠢ ᠪᠤᠯᠲᠠᠯ᠎ᠠ ᠤᠰᠤ ᠬᠠᠩᠭᠠᠬᠤ ᠬᠤᠭᠤᠯᠠᠶ ᠲᠣᠣᠷ ᠤᠨ ᠭᠤᠭᠤᠵᠢᠵᠤ ᠰᠦᠢᠳᠬᠦ ᠨᠣᠷᠮ᠎ᠠ ᠶᠢ 9% ᠠᠴᠠ ᠳᠣᠣᠷ᠎ᠠ ᠪᠤᠯᠭᠠᠨ᠎ᠠ︔ ᠬᠤᠲᠠ ᠶᠢᠨ ᠦᠶᠡᠷ ᠢ ᠰᠡᠷᠭᠡᠶᠢᠯᠡᠵᠤ ᠤᠰᠤ ᠵᠠᠰᠠᠬᠤ 5 ᠲᠥᠷᠥᠯ ᠵᠦᠢᠯ ᠢ ᠬᠡᠷᠡᠭᠵᠢᠭᠦᠯᠵᠦ᠂ ᠤᠰᠤ ᠵᠠᠰᠠᠬᠤ ᠬᠤᠭᠤᠯᠠᠶ ᠲᠤᠤᠷ ᠢ 20 ᠺᠢᠯᠣᠮᠧᠲᠷ ᠠᠴᠠ ᠳᠡᠭᠡᠭᠰᠢ ᠥᠭᠡᠷᠡᠴᠢᠯᠡᠨ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠦᠭᠡᠭᠡᠯ ᠤᠰᠤᠨ ᠤ ᠲᠦᠭᠡᠮᠡᠯᠵᠢᠯᠲᠡ ᠶᠢᠨ ᠨᠣᠷᠮ᠎ᠠ ᠶᠢ ᠳᠡᠭᠡᠭᠰᠢᠯᠡᠭᠦᠯᠪᠠ᠃ ︵ᠦᠨᠢᠷ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号