ᠬᠢᠩᠭᠠᠨ ᠠᠶᠢᠮᠠᠭ ᠬᠤᠷᠴᠢᠨ ᠤ ᠡᠯᠡᠰᠦᠷᠬᠡᠭ ᠭᠠᠵᠠᠷ ᠢ ᠨᠤᠭᠤᠭᠠᠷᠠᠭᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠠᠬᠢᠭᠤᠯᠵᠦ ᠪᠤᠢ
ᠨᠡᠶᠢᠲᠡᠯᠡᠭᠰᠡᠨ ᠴᠠᠭ᠄
2025/6/3
        ᠤᠶᠢᠷ᠎ᠠ ᠶᠢᠨ ᠵᠢᠯ ᠠᠴᠠ ᠨᠠᠭᠠᠰᠢ᠂ ᠬᠤᠷᠴᠢᠨ ᠤ ᠡᠯᠡᠰᠦᠷᠬᠡᠭ ᠭᠠᠵᠠᠷ ᠢ ᠨᠤᠭᠤᠭᠠᠷᠠᠭᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠩᠭᠠᠨ ᠠᠶᠢᠮᠠᠭ ᠰᠢᠨ᠎ᠡ ᠡᠨᠧᠷᠭᠢ ᠪᠠᠷ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠠᠷᠠᠳ ᠲᠦᠮᠡᠨ ᠡᠯᠡᠰᠤ ᠶᠢ ᠵᠠᠰᠠᠬᠤ᠂ ᠨᠡᠶᠢᠭᠡᠮ ᠨᠡᠶᠢᠲᠡ ᠡᠯᠡᠰᠤ ᠶᠢ ᠵᠠᠰᠠᠬᠤ᠂ ᠦᠷ᠎ᠡ ᠠᠰᠢᠭ ᠢᠶᠠᠷ ᠡᠯᠡᠰᠦ ᠶᠢ ᠵᠠᠰᠠᠬᠤ ᠶᠢ ᠠᠬᠢᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ 2020 ᠣᠨ ᠳᠤ 503 ᠲᠦᠮᠡᠨ ᠮᠦ ᠪᠠᠶᠢᠭᠰᠠᠨ ᠠᠴᠠ ᠤᠳᠥ 357.7 ᠲᠦᠮᠡᠨ ᠮᠦ ᠪᠣᠯᠵᠤ ᠪᠠᠭᠠᠰᠴᠤ᠂ ᠭᠤᠷᠪᠠᠨ ᠤ ᠨᠢᠭᠡ ᠬᠤᠪᠢ ᠶᠢᠨ ᠡᠯᠡᠰᠦᠷᠬᠡᠭ ᠭᠠᠵᠠᠷ ᠢ ᠪᠦᠲᠦᠮᠵᠢᠲᠡᠢ ᠵᠠᠰᠠᠪᠠ᠃ 2024 ᠣᠨ ᠳᠤ᠂ ᠬᠢᠩᠭᠠᠨ ᠠᠶᠢᠮᠠᠭ ᠨᠡᠶᠢᠲᠡ 47.2 ᠲᠦᠮᠡᠨ ᠮᠥ ᠡᠯᠡᠰᠦᠷᠬᠡᠭ ᠭᠠᠵᠠᠷ ᠢ ᠵᠠᠰᠠᠵᠤ᠂ ᠪᠥᠬᠦ ᠣᠷᠣᠨ ᠳᠤ ᠤᠷᠢᠳᠠᠪᠠᠷ ᠬᠦᠨᠳᠦ ᠨᠤᠴᠢᠲᠠᠢ ᠡᠯᠡᠰᠦ ᠮᠠᠩᠬ᠎ᠠ ᠶᠢ ᠵᠠᠰᠠᠬᠤ ᠡᠭᠦᠷᠭᠡ ᠶᠢ ᠪᠡᠶᠡᠯᠡᠭᠦᠯᠪᠡ᠃        ᠡᠨᠡ ᠵᠢᠯ᠂ ᠬᠢᠩᠭᠠᠨ ᠠᠶᠢᠮᠠᠭ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠢ ᠬᠡᠷᠡᠭᠵᠢᠭᠦᠯᠬᠦ ᠶᠢ ︽ᠤᠰᠤ ᠠᠷᠪᠢᠯᠠᠬᠤ ᠠᠵᠢᠯᠯᠠᠭ᠎ᠠ︾ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠪᠠ ᠣᠶ ᠰᠢᠭᠤᠶ ᠨᠤᠲᠤᠭ ᠪᠡᠯᠴᠢᠭᠡᠷ ᠨᠤᠭᠤ ᠭᠠᠵᠠᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ᠂ ᠬᠢᠨᠭ᠍ᠭᠠᠨ ᠳᠠᠪᠠᠭᠠᠨ ᠤ ᠡᠮᠦᠨᠡᠬᠢ ᠣᠶ ᠰᠢᠭᠤᠶ ᠪᠠ ᠨᠤᠲᠤᠭ ᠪᠡᠯᠴᠢᠭᠡᠷ ᠤᠨ ᠰᠢᠯᠵᠢᠯᠲᠡ ᠶᠢᠨ ᠪᠦᠰᠡ ᠶᠢ ᠶᠡᠷᠦᠩᠬᠡᠶᠢᠯᠡᠨ ᠵᠠᠰᠠᠬᠤ ᠵᠡᠷᠭᠡ 4 ᠭᠤᠤᠯᠳᠠᠯᠭ᠎ᠠ ᠲᠠᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠢ ᠪᠥᠬᠦ ᠬᠦᠴᠦᠨ ᠢᠶᠠᠷ ᠬᠡᠷᠡᠭᠵᠢᠭᠦᠯᠵᠦ᠂ 76.7 ᠲᠦᠮᠡᠨ ᠮᠥ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠵᠦ ᠪᠣᠶ᠃        ᠣᠳᠣᠬᠠᠨ ᠪᠣᠯᠲᠠᠯ᠎ᠠ᠂ ᠬᠢᠩᠭᠠᠨ ᠠᠶᠢᠮᠠᠭ ᠤᠨ ᠶᠡᠷᠦᠩᠬᠡᠶ ᠪᠠᠯᠠ ᠣᠷᠣᠭᠤᠯᠤᠯᠲᠠ 2.7 ᠳ᠋ᠦᠩᠰᠢᠭᠤᠷ ᠲᠥᠭᠦᠷᠢᠭ ᠲᠤ ᠬᠦᠷᠦᠭᠰᠡᠨ ︽ᠵᠠᠮ ᠢᠶᠠᠷ ᠡᠯᠡᠰᠦ ᠶᠢ ᠵᠠᠰᠠᠬᠤ︾ 10 ᠲᠥᠷᠥᠯ ᠵᠦᠢᠯ ᠨᠢᠭᠡᠨᠲᠡ ᠤᠯᠤᠰ ᠤᠨ ᠳᠡᠰ ᠤᠨ ᠨᠤᠲᠠᠯᠠᠯᠲᠠ ᠶᠢ ᠥᠩᠭᠡᠷᠡᠭᠡᠭᠰᠡᠨ ᠪᠥᠭᠡᠳ ᠪᠦᠷᠢᠳᠭᠡᠨ ᠳᠠᠩᠰᠠᠯᠠᠭᠤᠯᠬᠤ ᠶᠢ ᠪᠡᠶᠡᠯᠡᠭᠦᠯᠵᠦ᠂ ᠪᠥᠬᠦ ᠠᠶᠢᠮᠠᠭ ᠨᠢᠭᠡᠨᠲᠡ 1475 ᠲᠦᠮᠡᠨ ᠰᠠᠭᠤᠷᠢ ᠡᠯᠡᠰᠦ ᠶᠢ ᠵᠠᠰᠠᠬᠤ ᠴᠢᠬᠢ ᠮᠣᠳᠣ᠂ 56 ᠲᠦᠮᠡᠨ ᠺᠢᠯᠣᠭ᠍ᠷᠠᠮ ᠡᠪᠡᠰᠦᠨ ᠦᠷ᠎ᠡ ᠨᠥᠭᠡᠴᠡᠯᠡᠨ᠂ 11 ᠲᠦᠮᠡᠨ ᠮᠥ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠡᠶᠡᠯᠡᠭᠦᠯᠪᠡ᠃ ︵ᠨᠠᠮᠤᠭ︶ 
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号