ᠬᠢᠩᠭᠠᠨ ᠠᠶᠢᠮᠠᠭ 2025 ᠣᠨ ᠤ ᠨᠤᠲᠤᠭ ᠪᠡᠯᠴᠢᠭᠡᠷ ᠤᠨ ᠨᠤᠭᠤᠭᠠᠷᠠᠭᠤᠯᠤᠯᠳᠠ ᠶᠢᠨ ᠬᠤᠭᠤᠴᠠᠭᠠᠨ ᠳᠠᠬᠢ ᠥᠯᠢᠭᠡᠷ ᠭᠠᠵᠠᠷ ᠤᠨ ᠬᠢᠨᠠᠨ ᠬᠡᠮᠵᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/6/3
        ᠤᠶᠢᠷ᠎ᠠ ᠳᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠨᠤᠭᠤᠭᠠᠷᠠᠭᠰᠠᠨ ᠪᠠᠶᠢᠳᠠᠯ ᠵᠢᠴᠢ ᠤᠷᠭᠤᠮᠠᠯ ᠬᠤᠴᠢᠯᠭ᠎ᠠ ᠶᠢᠨ ᠤᠷᠭᠤᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠨᠤᠲᠤᠭ ᠪᠡᠯᠴᠢᠭᠡᠷ ᠢ ᠬᠢᠨᠠᠨ ᠬᠡᠮᠵᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠪᠠᠷ᠂ ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠮᠡᠷᠭᠡᠵᠢᠯᠲᠡᠨ ᠤᠷᠢᠳ ᠬᠤᠵᠢᠳ ᠤᠯᠠᠭᠠᠨᠬᠤᠲᠠ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ᠂ 2025 ᠣᠨ ᠤ ᠨᠤᠲᠤᠭ ᠪᠡᠯᠴᠢᠭᠡᠷ ᠤᠨ ᠨᠤᠭᠤᠭᠠᠷᠠᠭᠤᠯᠤᠯᠳᠠ ᠶᠢᠨ ᠬᠤᠭᠤᠴᠠᠭᠠᠨ ᠳᠠᠬᠢ ᠥᠯᠢᠭᠡᠷ ᠭᠠᠵᠠᠷ ᠤᠨ ᠬᠢᠨᠠᠨ ᠬᠡᠮᠵᠢᠬᠦ ᠠᠵᠢᠯ ᠢ ᠥᠷᠨᠢᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠢᠨᠠᠨ ᠬᠡᠮᠵᠢᠵᠦ ᠦᠨᠡᠯᠡᠨ ᠵᠢᠱᠢᠬᠦ ᠲᠦᠷᠢᠮ︾ ᠤᠨ ᠶᠣᠰᠣᠭᠠᠷ᠂ ᠬᠢᠨᠠᠨ ᠬᠡᠮᠵᠢᠬᠦ ᠳᠤᠭᠤᠶᠢᠯᠠᠩ ᠲᠤᠬᠠᠶ ᠶᠢᠨ ᠭᠠᠵᠠᠷ ᠲᠤ ᠬᠢᠨᠠᠨ ᠬᠡᠮᠵᠢᠬᠦ ᠪᠠᠷ ᠳᠠᠮᠵᠢᠨ᠂ ᠭᠤᠤᠯ ᠪᠣᠯᠬᠤ ᠨᠤᠲᠤᠭ ᠪᠡᠯᠴᠢᠭᠡᠷ ᠤᠨ ᠲᠥᠷᠥᠯ ᠵᠦᠢᠯ ᠳᠤ ᠨᠤᠭᠤᠭᠠᠷᠠᠭᠤᠯᠤᠯᠳᠠ ᠶᠢᠨ ᠬᠤᠭᠤᠴᠠᠭᠠᠨ ᠤ ᠬᠢᠨᠠᠨ ᠬᠡᠮᠵᠢᠯᠲᠡ ᠬᠢᠪᠡ᠃ ᠡᠭᠦᠨ ᠳᠤ ᠥᠯᠢᠭᠡᠷ ᠭᠠᠵᠠᠷ ᠢ ᠵᠦᠶ ᠵᠣᠬᠢᠰᠲᠠᠶ ᠪᠠᠶᠢᠷᠢᠯᠠᠭᠤᠯᠬᠤ᠂ ᠨᠣᠭᠤᠭᠠᠷᠠᠬᠤ ᠤᠷᠭᠤᠮᠠᠯ ᠤᠨ ᠶᠡᠷᠦᠩᠬᠡᠶ ᠪᠦᠷᠬᠦᠴᠡ ᠶᠢ ᠬᠡᠮᠵᠢᠨ ᠲᠣᠭᠲᠠᠭᠠᠬᠤ᠂ ᠨᠣᠭᠤᠭᠠᠷᠠᠬᠤ ᠪᠡᠯᠴᠢᠭᠡᠷ ᠡᠪᠡᠰᠦ ᠶᠢᠨ ᠭᠤᠤᠯ ᠲᠥᠷᠥᠯ ᠵᠦᠢᠯ ᠢ ᠢᠯᠭᠠᠨ ᠲᠠᠨᠢᠬᠤ᠂ ᠨᠤᠭᠤᠭᠠᠷᠠᠭᠤᠯᠤᠯᠳᠠ ᠶᠢᠨ ᠪᠠ ᠤᠷᠭᠤᠯᠳᠠ ᠶᠢᠨ ᠪᠠᠶᠢᠳᠠᠯ ᠢ ᠠᠵᠢᠭᠯᠠᠬᠤ᠂ ᠨᠤᠭᠤᠭᠠᠷᠠᠭᠤᠯᠤᠯᠳᠠ ᠶᠢᠨ ᠬᠤᠭᠤᠴᠠᠭᠠᠨ ᠤ ᠬᠡᠷᠡᠯ ᠵᠢᠷᠤᠭ ᠲᠠᠲᠠᠬᠤ᠂ ᠨᠤᠲᠤᠭ ᠪᠡᠯᠴᠢᠭᠡᠷ ᠤᠨ ᠨᠤᠭᠤᠭᠠᠷᠠᠭᠤᠯᠤᠯᠳᠠ ᠶᠢᠨ ᠪᠠᠶᠢᠳᠠᠯ ᠢ ᠲᠡᠮᠳᠡᠭᠯᠡᠬᠦ ᠵᠡᠷᠭᠡ ᠠᠭᠤᠯᠭ᠎ᠠ ᠪᠠᠭᠲᠠᠨ᠎ᠠ᠃        ᠬᠢᠨᠠᠨ ᠬᠡᠮᠵᠢᠭᠰᠡᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ ᠶᠡᠬᠡᠩᠬᠢ ᠪᠠᠶᠢᠭᠠᠯᠢ ᠶᠢᠨ ᠪᠡᠯᠴᠢᠭᠡᠷ ᠨᠢᠭᠡᠨᠲᠡ ᠨᠤᠭᠤᠭᠠᠷᠠᠭᠤᠯᠤᠯᠳᠠ ᠶᠢᠨ ᠬᠤᠭᠤᠴᠠᠭᠠᠨ ᠳᠤ ᠣᠷᠣᠵᠤ᠂ ᠨᠣᠭᠤᠭᠠᠷᠠᠭᠤᠯᠤᠯᠳᠠ ᠶᠢᠨ ᠨᠣᠷᠮ᠎ᠠ 40% ᠠᠴᠠ 60% ᠤᠷᠴᠢᠮ ᠳᠤ ᠬᠦᠷᠴᠦ᠂ ᠨᠤᠭᠤᠭᠠᠷᠠᠭᠤᠯᠤᠯᠳᠠ ᠶᠢᠨ ᠬᠤᠭᠤᠴᠠᠭᠠᠨ ᠳᠤ ᠤᠷᠤᠭᠰᠠᠨ ᠪᠡᠯᠴᠢᠭᠡᠷ ᠡᠪᠡᠰᠦ ᠳᠤ ᠭᠤᠤᠯᠳᠠᠭᠤ ᠬᠢᠶᠠᠭ ᠡᠪᠡᠰᠦ᠂ ᠦᠬᠡᠷ ᠦᠷᠭᠡᠨ᠎ᠡ᠂ ᠰᠢᠷᠢᠬᠢ᠂ ᠲᠠᠤᠯᠠᠢ ᠶᠢᠨ ᠲᠠᠩᠨᠠᠢ ᠵᠡᠷᠭᠡ ᠪᠠᠭᠲᠠᠨ᠎ᠠ᠃ ︵ᠨᠠᠮᠤᠭ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号