ᠬᠢᠨᠭ᠍ᠭᠠᠨ ᠠᠶᠢᠮᠠᠭ ᠪᠦᠬᠦ ᠠᠷᠡᠳ ᠤᠨ ᠨᠠᠰᠦᠨ ᠲᠤᠷᠰᠢᠲᠠ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠦ ᠪᠠᠶᠢᠨ᠎ᠠ
ᠨᠡᠶᠢᠲᠡᠯᠡᠭᠰᠡᠨ ᠴᠠᠭ᠄
2025/6/3
        ᠬᠢᠩᠭᠠᠨ ᠠᠶᠢᠮᠠᠭ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠶᠢ ᠥᠷᠭᠡᠨ ᠤᠯᠠᠨ ᠠᠷᠠᠳ ᠲᠦᠮᠡᠨ ᠤ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠣᠯᠤᠨ ᠪᠡᠶ᠎ᠡ ᠰᠡᠳᠭᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠨᠢᠭᠤᠴᠠ ᠲᠦᠯᠬᠢᠭᠦᠷ ᠪᠣᠯᠭᠠᠵᠤ᠂ ᠨᠠᠷᠢᠨ ᠨᠢᠮᠪᠠᠢ ᠪᠠᠶᠢᠷᠢᠰᠢᠭᠤᠯᠤᠨ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠠᠬᠢᠭᠤᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠭᠠᠵᠠᠷ ᠣᠷᠣᠨ ᠤ ᠣᠨᠴᠠᠯᠢᠭ ᠪᠣᠯᠤᠨ ᠰᠣᠶᠣᠯ ᠢᠷᠭᠡᠨᠰᠢᠯ ᠤᠨ ᠲᠠᠲᠠᠬᠤ ᠬᠦᠴᠦᠨ ᠲᠠᠢ ᠪᠦᠬᠦ ᠠᠷᠠᠳ ᠤᠨ ᠨᠠᠰᠤᠨ ᠲᠤᠷᠰᠢᠳᠠ ᠰᠤᠷᠤᠯᠴᠠᠬᠤ ᠵᠠᠮ ᠢ ᠨᠡᠭᠡᠭᠡᠪᠡ᠃        ᠨᠡᠭᠡᠭᠡᠯᠲᠡᠲᠦ ᠶᠡᠭᠡ ᠰᠤᠷᠭᠠᠭᠤᠯᠢ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠰᠤᠷᠭᠠᠭᠤᠯᠢ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠡᠭ ᠲᠤ ᠲᠦᠰᠢᠭᠯᠡᠨ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠯ᠎ᠡ ᠥᠨᠴᠥᠭ ᠪᠤᠯᠤᠩ ᠳᠤ ᠨᠠᠷᠢᠯᠢᠭ ᠣᠨᠣᠴᠠᠲᠠᠶ ᠪᠠᠷ ᠬᠦᠷᠭᠡᠵᠦ ᠪᠠᠶᠢᠨ᠎ᠠ᠃ ᠬᠥᠭᠵᠢᠶᠡᠨ ᠨᠠᠷᠭᠢᠶᠠᠨ ᠲᠠᠢ ᠬᠤᠲᠠ ᠶᠢᠨ ᠨᠡᠶᠢᠭᠡᠮ ᠲᠣᠭᠤᠷᠢᠭ ᠠᠴᠠ ᠬᠥᠳᠡᠭᠡ ᠲᠣᠰᠬᠤᠨ ᠤ ᠭᠠᠴᠠᠭ᠎ᠠ ᠬᠦᠷᠲᠡᠯ᠎ᠡ᠂ ᠰᠦᠯᠵᠢᠶᠡᠨ ᠤ ᠬᠢᠴᠢᠶᠡᠯ ᠤᠨ ᠲᠠᠩᠬᠢᠮ᠂ ᠰᠢᠯᠵᠢᠮᠡᠯ ᠣᠯᠠᠨ ᠨᠡᠶᠢᠲᠡ ᠶᠢᠨ ᠲᠠᠪᠴᠠᠩ ᠬᠠᠨᠭ᠍ᠭᠠᠵᠦ᠂ ︽ᠬᠥᠮᠦᠨ ᠪᠦᠬᠦᠨ ᠰᠤᠷᠤᠯᠴᠠᠬᠤ᠂ ᠭᠠᠵᠠᠷ ᠪᠣᠯᠭᠠᠨ ᠳᠤ ᠰᠤᠷᠬᠤ᠂ ᠴᠠᠭ ᠢᠮᠠᠭᠲᠠ ᠰᠤᠷᠴᠤ ᠪᠣᠯᠬᠤ︾ ᠠᠭᠤᠷ ᠠᠮᠢᠰᠬᠤᠯ ᠢ ᠪᠤᠢ ᠪᠤᠯᠭᠠᠵᠦ᠂ ᠰᠠᠭᠤᠭᠠᠯᠢ ᠠᠷᠠᠳ ᠬᠤᠯᠠ ᠶᠠᠪᠤᠬᠤ ᠴᠢᠬᠤᠯᠠ ᠦᠭᠡᠢ ᠪᠠᠷ ᠡᠯ᠎ᠠ ᠲᠦᠷᠦᠯ ᠤᠨ ᠰᠤᠷᠤᠯᠴᠠᠯᠭ᠎ᠠ ᠳᠤ ᠤᠷᠤᠯᠴᠠᠭᠤᠯᠵᠦ᠂ ᠰᠤᠷᠤᠯᠴᠠᠯᠭ᠎ᠠ ᠶᠢᠨ ᠳᠥᠭᠦᠮ ᠳᠥᠲᠡ ᠴᠢᠨᠠᠷ ᠢ ᠬᠠᠨᠭ᠍ᠭᠠᠪᠠ᠃        ᠬᠢᠨᠭ᠍ᠭᠠᠨ ᠠᠶᠢᠮᠠᠭ ᠤᠨᠴᠠᠯᠢᠬᠲᠦ ᠬᠢᠴᠢᠶᠡᠯ ᠤᠨ ᠰᠢᠰᠲ᠋ᠧᠮ ᠢ ᠪᠠᠶᠢᠭᠤᠯᠵᠤ᠂ ᠠᠳᠠᠯᠢ ᠪᠤᠰᠤ ᠨᠠᠰᠤᠨ ᠤ ᠰᠤᠷᠤᠯᠭ᠎ᠠ ᠶᠢᠨ ᠬᠦᠰᠡᠯ ᠱᠠᠭᠠᠷᠳᠠᠯᠭ᠎ᠠ ᠶᠢ ᠬᠠᠨᠭ᠍ᠭᠠᠵᠦ ᠪᠤᠢ᠃ ᠡᠭᠦᠨ ᠳᠤ᠂ ᠨᠠᠰᠤᠲᠠᠶᠢᠴᠤᠳ ᠤᠨ ᠶᠡᠭᠡ ᠰᠤᠷᠭᠠᠭᠤᠯᠢ ᠳᠤ ᠤᠯᠤᠰ ᠤᠨ ᠰᠤᠳᠤᠯᠤᠯ ᠤᠨ ᠰᠤᠳᠤᠯᠤᠨ ᠰᠤᠷᠤᠯᠴᠠᠬᠤ᠂ ᠤᠷᠠᠨ ᠪᠢᠴᠢᠯᠭᠡ ᠤᠷᠠᠨ ᠵᠢᠷᠤᠭ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠵᠡᠷᠭᠡ 30 ᠭᠠᠷᠤᠶ ᠲᠥᠷᠥᠯ ᠤᠨ ᠬᠢᠴᠢᠶᠡᠯ ᠨᠡᠭᠡᠭᠡᠵᠦ᠂ ᠨᠠᠰᠦᠲᠠᠶᠢᠴᠤᠳ ᠲᠤ ᠥᠲᠡᠯᠦᠭᠡ ᠨᠠᠰᠤᠨ ᠤ ᠠᠮᠢᠳᠤᠷᠠᠯ ᠢ ᠨᠢ ᠪᠠᠶᠠᠷ ᠵᠢᠷᠭᠠᠯ ᠲᠠᠢ ᠪᠤᠯᠭᠠᠵᠠᠢ᠃ ᠵᠠᠯᠠᠭᠤᠴᠤᠳ ᠢ ᠡᠯᠧᠺᠲᠷᠣᠨ ᠬᠤᠳᠠᠯᠳᠤᠭᠠᠨ ᠤ ᠡᠵᠡᠩᠨᠡᠯᠲᠡ᠂ ᠰᠢᠨ᠎ᠡ ᠵᠠᠭᠤᠴᠢᠯᠠᠭᠤᠷ ᠤᠨ ᠡᠵᠡᠩᠨᠡᠨ ᠪᠣᠷᠣᠯᠠᠭᠤᠯᠬᠤ ᠵᠡᠷᠭᠡ ᠤᠷ᠎ᠠ ᠴᠢᠳᠠᠪᠤᠷᠢ ᠶᠢᠨ ᠪᠣᠯᠪᠠᠰᠤᠷᠠᠯ ᠳᠤ ᠤᠷᠤᠯᠴᠠᠭᠤᠯᠵᠦ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠳᠤ ᠴᠢᠳᠠᠪᠤᠷᠢ ᠣᠯᠭᠤᠵᠤ ᠪᠠᠶᠢᠨ᠎ᠠ᠃        ᠤᠨᠴᠠᠯᠢᠬᠳᠤ ᠰᠤᠷᠤᠯᠴᠠᠯᠭ᠎ᠠ ᠶᠢᠨ ᠲᠦᠷᠦᠯ ᠲᠡᠮᠳᠡᠭ ᠢ ᠡᠭᠦᠳᠬᠦ ᠶᠢ ᠴᠢᠬᠤᠯᠠᠴᠢᠯᠠᠵᠤ᠂ ᠲᠦᠷᠦᠯ ᠲᠡᠮᠳᠡᠭ ᠤᠨ ᠦᠢᠯᠡᠳᠦᠯ ᠢᠶᠠᠷ ᠠᠷᠠᠳ ᠤᠯᠠᠨ ᠤ ᠰᠤᠷᠤᠯᠴᠠᠬᠤ ᠬᠠᠯᠠᠭᠤᠨ ᠰᠡᠳᠭᠢᠯᠭᠡ ᠶᠢ ᠬᠦᠭᠵᠢᠭᠡᠵᠦ ᠪᠠᠶᠢᠨ᠎ᠠ᠃ ᠡᠯ᠎ᠡ ᠭᠠᠵᠠᠷ ᠤᠨ ᠬᠢᠨ ᠭᠠᠵᠠᠷ ᠣᠷᠣᠨ ᠤ ᠰᠣᠶᠣᠯ ᠤᠨ ᠣᠨᠴᠠᠯᠢᠭ ᠲᠠᠢ ᠪᠠᠨ ᠤᠶᠠᠯᠳᠤᠭᠤᠯᠵᠤ᠂ ︽ᠨᠢᠭᠡ ᠣᠷᠣᠨ ᠨᠢᠭᠡ ᠪᠦᠲᠦᠭᠡᠭᠳᠡᠬᠦᠨ︾ ᠢ ᠡᠭᠦᠳᠴᠦ᠂ ᠤᠯᠠᠭᠠᠨᠬᠤᠲᠠ ᠬᠤᠪᠢᠰᠬᠠᠯᠳᠥ ᠰᠣᠶᠣᠯ ᠢᠶᠠᠷ ᠰᠠᠭᠤᠷᠢ ᠪᠣᠯᠭᠠᠵᠤ᠂ ︽ᠭᠡᠷ ᠤᠨ ᠰᠣᠶᠣᠯ︾ ᠢ ᠪᠤᠢ ᠪᠤᠯᠭᠠᠵᠦ᠂ ᠰᠠᠭᠤᠭᠠᠯᠢ ᠠᠷᠠᠳ ᠲᠤ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠬᠦᠷᠲᠡᠭᠡᠪᠡ ︔ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠶᠢᠨ ᠭᠥᠮᠥᠰ ᠮᠡᠲᠦ ᠳᠣᠲᠣᠨᠣ︾ ᠭᠡᠬᠦ ᠲᠦᠷᠦᠯ ᠲᠡᠮᠳᠡᠭ ᠢ ᠡᠭᠦᠳᠴᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠪᠠ︔ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠪᠣᠳᠠᠰ ᠤᠨ ᠪᠤᠰᠤ ᠰᠣᠶᠣᠯ ᠤᠨ ᠦᠪ︾ ᠢ ᠪᠦᠬᠦ ᠤᠯᠤᠰ ᠲᠤ ᠳᠡᠯᠭᠡᠷᠡᠭᠦᠯᠵᠦ᠂ ︽ᠠᠳᠤᠭᠤᠨ ᠰᠣᠶᠣᠯ︾ ᠪᠣᠯᠤᠨ ︽ᠮᠣᠩᠭᠤᠯ ᠦᠨᠳᠦᠰᠦᠲᠡᠨ ᠤ ᠬᠠᠳᠬᠤᠮᠠᠯ ᠤᠨ ᠰᠤᠶᠤᠯ︾ ᠢ ᠭᠡᠷᠡᠯ ᠭᠢᠯᠪᠠᠭ᠎ᠠ ᠲᠠᠢ ᠪᠤᠯᠭᠠᠪᠠ᠃        ᠡᠯ᠎ᠡ ᠲᠥᠷᠥᠯ ᠤᠨ ᠤᠩᠰᠢᠯᠭ᠎ᠠ ᠶᠢᠨ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠤᠨ᠂ ᠭᠦᠨ ᠵᠤᠵᠠᠭᠠᠨ ᠰᠤᠶᠤᠯ ᠤᠨ ᠠᠭᠤᠷ ᠠᠮᠢᠰᠬᠤᠯ ᠢ ᠪᠣᠶ ᠪᠤᠯᠭᠠᠵᠠᠢ᠃ ᠳᠡᠯᠡᠬᠡᠶ ᠶᠢᠨ ᠨᠣᠮ ᠤᠩᠰᠢᠬᠤ ᠡᠳᠦᠷ ᠲᠤ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠰᠢᠷᠢᠰ ᠨᠣᠮ ᠤᠩᠰᠢᠬᠤ ᠠᠵᠢᠯᠯᠠᠭ᠎ᠠ ᠶᠢ ᠦᠷᠨᠢᠭᠦᠯᠵᠦ᠂ ᠠᠳᠠᠯᠢ ᠪᠤᠰᠤ ᠨᠠᠰᠤᠨ ᠤ ᠰᠤᠷᠤᠭᠴᠢᠳ ᠲᠤ ᠴᠢᠭᠯᠡᠭᠦᠯᠦᠨ ᠤᠩᠰᠢᠯᠭ᠎ᠠ ᠶᠢ ᠬᠥᠮᠦᠵᠢᠭᠦᠯᠬᠦ ᠰᠢᠰᠲ᠋ᠧᠮ ᠢ ᠪᠠᠶᠢᠭᠤᠯᠵᠤ᠂ ᠤᠩᠰᠢᠯᠭ᠎ᠠ ᠶᠢᠨ ᠦᠵᠡᠭᠦᠯᠭᠡ ᠶᠢᠨ ᠲᠣᠭᠯᠠᠯᠲᠠ᠂ ᠵᠦᠴᠦᠭᠡ ᠶᠢᠨ ᠲᠣᠭᠯᠠᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠤᠩᠰᠢᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠪᠠ︔ ᠪᠠᠰᠠ ᠪᠦᠬᠦ ᠠᠶᠢᠮᠠᠭ ᠤᠨ ᠡᠮᠡᠭᠲᠡᠶ ᠠᠵᠢᠯᠲᠠᠨ ᠠᠵᠢᠯᠴᠢᠨ ᠤ ᠵᠢᠱᠢᠶ᠎ᠡ ᠦᠵᠡᠭᠦᠯᠬᠦ ᠴᠢᠨᠠᠷᠲᠠᠶ ᠭᠤᠤᠯ ᠰᠡᠳᠦᠪᠲᠦ ᠤᠩᠰᠢᠯᠭ᠎ᠠ ᠶᠢᠨ ᠠᠵᠢᠯᠯᠠᠭ᠎ᠠ ᠪᠠᠷ ᠬᠤᠯᠪᠣᠭᠠᠰᠤ ᠪᠣᠯᠭᠠᠵᠤ᠂ ᠡᠮᠡᠭᠲᠡᠶ ᠠᠵᠢᠯᠲᠠᠨ ᠠᠵᠢᠯᠴᠢᠨ ᠤ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠬᠡᠷ ᠪᠦᠯᠢ ᠪᠠ ᠨᠡᠶᠢᠭᠡᠮ ᠤᠨ ᠰᠠᠶᠢᠨ ᠰᠠᠶᠢᠬᠠᠨ ᠤᠩᠰᠢᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃        ᠪᠦᠬᠦ ᠠᠷᠠᠳ ᠢᠶᠠᠷ ᠢᠶᠠᠨ ᠰᠤᠷᠤᠯᠴᠠᠵᠤ᠂ ᠬᠤᠪᠢ ᠬᠥᠮᠦᠨ ᠤ ᠬᠥᠭᠵᠢᠯᠲᠡ ᠬᠢᠭᠡᠳ ᠨᠡᠶᠢᠭᠡᠮ ᠤᠨ ᠳᠠᠪᠰᠢᠯᠲᠠ ᠶᠢᠨ ᠰᠠᠶᠢᠨ ᠨᠥᠬᠦᠴᠡᠯᠳᠦᠯ ᠢ ᠪᠡᠶᠡᠯᠡᠭᠦᠯᠵᠠᠢ᠃ ᠬᠢᠨᠭ᠍ᠭᠠᠨ ᠠᠶᠢᠮᠠᠭ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯᠯᠠᠭ᠎ᠠ ᠦᠷᠨᠢᠭᠦᠯᠵᠦ᠂ ᠠᠳᠠᠯᠢ ᠪᠤᠰᠤ ᠨᠠᠰᠤ᠂ ᠠᠵᠢᠯ ᠮᠡᠷᠭᠡᠵᠢᠯ᠂ ᠠᠬᠤᠶ ᠪᠠᠶᠢᠳᠠᠯ ᠤᠨ ᠰᠠᠭᠤᠭᠠᠯᠢ ᠠᠷᠠᠳ ᠢ ᠨᠢᠭᠡ ᠲᠠᠩᠬᠢᠮ ᠳᠤ ᠴᠤᠬᠯᠠᠷᠠᠭᠤᠯᠵᠦ᠂ ᠬᠠᠮᠲᠤ ᠪᠠᠷ ᠰᠤᠷᠤᠯᠴᠠᠵᠤ᠂ ᠬᠠᠷᠢᠯᠴᠠᠨ ᠰᠣᠯᠢᠯᠴᠠᠵᠤ᠂ ᠬᠥᠷᠰᠢ ᠵᠡᠷᠭᠡᠯᠡᠳᠡᠭᠡ ᠶᠢᠨ ᠬᠠᠶᠢᠷ᠎ᠠ ᠰᠡᠳᠭᠢᠯᠭᠡ ᠶᠢ ᠨᠡᠮᠡᠭᠳᠡᠭᠦᠯᠵᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠢ ᠠᠬᠢᠭᠤᠯᠪᠠ᠃ ᠬᠥᠳᠡᠭᠡ ᠲᠣᠰᠬᠤᠨ ᠳᠤ᠂ ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠶᠠᠯᠠᠩ ᠤᠨ ᠲᠣᠮᠣ ᠡᠷᠦᠬᠡ᠂ ᠨᠤᠲᠤᠭ ᠲᠠᠭᠠᠨ ᠪᠤᠴᠠᠭᠰᠠᠨ ᠵᠠᠯᠠᠭᠤᠴᠤᠳ ᠵᠡᠷᠭᠡ ᠬᠥᠮᠦᠰ ᠢ ᠵᠤᠬᠢᠶᠠᠨ ᠪᠠᠶᠢᠭᠤᠯᠵᠦ᠂ ᠲᠡᠷᠢᠭᠦᠨ ᠤ ᠲᠤᠷᠰᠢᠯᠭ᠎ᠠ ᠪᠠ ᠮᠡᠷᠭᠡᠵᠢᠯ ᠢ ᠰᠤᠷᠤᠯᠴᠠᠭᠤᠯᠵᠦ᠂ ᠨᠤᠲᠤᠭ ᠤᠰᠤᠨ ᠤ ᠪᠠᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠰᠠᠶᠢᠨ ᠰᠠᠶᠢᠬᠠᠨ ᠲᠠᠪᠴᠠᠩ ᠢ ᠬᠠᠨᠭ᠍ᠭᠠᠵᠠᠢ᠃        ᠤᠶᠢᠷ᠎ᠠ ᠶᠢᠨ ᠵᠢᠯ ᠳᠤ᠂ ᠬᠢᠨᠭ᠍ᠭᠠᠨ ᠠᠶᠢᠮᠠᠭ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ︾ ᠨᠠᠰᠤᠨ ᠲᠤᠷᠰᠢᠳᠠ ᠶᠢᠨ ᠰᠤᠷᠤᠯᠴᠠᠯᠭ᠎ᠠ ᠪᠠᠷ ᠲᠠᠪᠴᠠᠩ ᠪᠣᠯᠭᠠᠵᠤ᠂ ︽ᠬᠥᠮᠦᠨ ᠤ ᠪᠦᠬᠦ ᠲᠠᠯ᠎ᠠ ᠶᠢᠨ ᠬᠥᠭᠵᠢᠯᠲᠡ︾ ᠪᠣᠯᠤᠨ ︽ᠣᠷᠣᠨ ᠪᠦᠰᠡ ᠶᠢᠨ ᠴᠢᠨᠠᠷ ᠰᠠᠶᠢᠲᠠᠢ ᠬᠥᠭᠵᠢᠯᠲᠡ︾ ᠶᠢ ᠴᠢᠷᠮᠠᠶᠢᠨ ᠪᠢᠴᠢᠭᠯᠡᠵᠦ ᠪᠠᠶᠢᠨ᠎ᠠ᠃ ᠲᠠᠷᠠᠭᠠᠴᠢ ᠪᠠᠷ᠂ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ ᠰᠢᠰᠲ᠋ᠧᠮ ᠦᠷᠭᠦᠯᠵᠢᠯᠡᠨ ᠲᠦᠷᠦᠭᠦᠯᠡᠨ ᠳᠠᠶᠢᠴᠢᠯᠠᠵᠤ᠂ ᠠᠰᠢᠭᠯᠠᠵᠤ ᠪᠣᠯᠬᠤ ᠰᠤᠷᠤᠯᠴᠠᠬᠤ ᠡᠬᠢ ᠪᠠᠶᠠᠯᠢᠭ ᠪᠦᠬᠦᠨ ᠢ ᠳᠠᠶᠢᠴᠢᠯᠠᠨ᠂ ᠬᠡᠷ ᠪᠦᠯᠢ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠡᠯ᠎ᠡ ᠭᠤᠭᠴᠤᠭ᠎ᠠ ᠶᠢ ᠠᠭᠤᠰᠤᠯᠴᠠᠭᠤᠯᠵᠦ᠂ ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠳᠤ ᠲᠠᠰᠤᠷᠠᠯᠲᠠ ᠥᠬᠡᠶ ᠣᠶᠤᠨ ᠰᠠᠨᠠᠭᠠᠨ ᠤ ᠬᠥᠳᠡᠯᠭᠡᠬᠦ ᠬᠦᠴᠦᠨ ᠪᠠ ᠣᠶᠤᠨ ᠤ ᠲᠤᠯᠭᠠᠭᠤᠷᠢᠯᠠᠯ ᠬᠠᠨᠭ᠍ᠭᠠᠬᠤ ᠪᠤᠯᠦᠨ᠎ᠠ᠃ ︵ᠯᠢᠶᠠᠨ ᠪᠤᠤ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号