ᠰᠦᠬᠡ ᠵᠧᠵᠢᠶᠠᠩ ᠤᠨ ᠵᠥᠩ ᠰᠢᠨ ᠠᠵᠤ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠮᠢᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/6/3
        5 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠵᠧᠵᠢᠶᠠᠩ ᠤᠨ ᠵᠥᠩ ᠰᠢᠨ ᠠᠵᠤ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠮᠢᠩ ᠨᠡᠷ ᠲᠠᠢ ᠠᠭᠤᠯᠵᠠᠵᠤ᠂ ᠵᠧᠨ ᠱᠢ ᠪᠦᠯᠦᠭᠯᠡᠯ ᠤᠨ ᠬᠢᠩᠭᠠᠨ ᠠᠶᠢᠮᠠᠭ ᠲᠤ ᠰᠠᠯᠬᠢᠨ ᠬᠦᠴᠦᠨ ᠤ ᠮᠠᠰᠢᠨ ᠤ ᠨᠠᠪᠴᠢᠨ ᠰᠢᠯ ᠰᠢᠷᠬᠡᠭ ᠢ ᠬᠠᠶᠢᠴᠢᠯᠠᠨ ᠵᠠᠰᠠᠬᠤ ᠲᠥᠷᠥᠯ ᠵᠦᠢᠯ ᠳᠤ ᠪᠡᠯᠡ ᠤᠷᠤᠭᠤᠯᠬᠤ ᠲᠤᠬᠠᠢ ᠵᠥᠪᠳᠡᠯᠴᠡᠵᠡᠢ᠃        ᠰᠦᠬᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠬᠡᠯᠡᠨ ᠴᠧᠨ ᠵᠢᠶᠠᠨ ᠮᠢᠩ ᠨᠡᠷ ᠤᠨ ᠠᠶᠢᠯᠴᠢᠯᠠᠵᠥ ᠢᠷᠡᠭᠰᠡᠨ ᠢ ᠪᠠᠶᠠᠷᠯᠠᠨ ᠤᠭᠲᠤᠵᠤ᠂ ᠵᠧᠨ ᠱᠢ ᠪᠦᠯᠦᠭᠯᠡᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠬᠢᠩᠭᠠᠨ ᠠᠶᠢᠮᠠᠭ ᠲᠤ ᠨᠤᠲᠤᠭᠰᠢᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠵᠧᠨ ᠱᠢ ᠪᠦᠯᠦᠭᠯᠡᠯ ᠪᠣᠯ ᠰᠢᠯ ᠰᠢᠷᠬᠡᠭ ᠤᠨ ᠠᠵᠤ ᠦᠢᠯᠡᠰ ᠤᠨ ᠪᠦᠬᠦ ᠪᠥᠮᠪᠥᠷᠴᠡᠭ ᠤᠨ ᠬᠦᠳᠦᠯᠦᠨ ᠳᠠᠭᠠᠭᠤᠯᠤᠭᠴᠢ ᠮᠥᠨ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠠᠭᠤᠷᠢ ᠪᠠᠲᠤ ᠴᠢᠩᠭ᠎ᠠ᠂ ᠳᠠᠯᠳᠠ ᠬᠦᠴᠦᠨ ᠯᠤᠲᠤ ᠶᠡᠭᠡ ᠪᠠᠶᠢᠨ᠎ᠠ᠃ ᠠᠵᠤ ᠠᠬᠤᠶᠢᠯᠠᠯ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠲᠠᠰᠤᠷᠠᠯᠲᠠ ᠦᠭᠡᠢ ᠥᠷᠭᠡᠳᠭᠡᠬᠦ ᠶᠢ ᠬᠦᠰᠡᠵᠦ ᠪᠠᠶᠢᠨ᠎ᠠ᠃ ᠠᠶᠢᠮᠠᠭ ᠬᠤᠰᠢᠭᠤ ᠬᠤᠶᠠᠷ ᠱᠠᠲᠤ ᠦᠢᠯᠡᠴᠢᠯᠡᠭᠡᠨ ᠤ ᠪᠠᠲᠤᠯᠠᠭ᠎ᠠ ᠶᠢ ᠨᠠᠷᠢᠨ ᠨᠢᠮᠪᠠᠶ ᠰᠠᠶᠢᠲᠤᠷ ᠬᠢᠵᠦ᠂ ᠠᠵᠤ ᠠᠬᠤᠶᠢᠯᠠᠯ ᠤᠨ ᠬᠢᠩᠭᠠᠨ ᠠᠶᠢᠮᠠᠭ ᠲᠤ ᠰᠠᠨᠠᠭ᠎ᠠ ᠠᠮᠤᠷ ᠪᠠᠯᠠ ᠣᠷᠣᠭᠤᠯᠵᠤ᠂ ᠰᠠᠨᠠᠭ᠎ᠠ ᠠᠮᠤᠷ ᠦᠢᠯᠡᠰ ᠪᠤᠰᠬᠠᠵᠤ᠂ ᠰᠠᠨᠠᠭ᠎ᠠ ᠠᠮᠤᠷ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠳᠡᠢ ᠭᠡᠵᠡᠢ᠃        ᠴᠧᠨ ᠵᠢᠶᠠᠨ ᠮᠢᠩ ᠣᠷᠣᠨ ᠨᠤᠲᠤᠭ ᠪᠠ ᠠᠵᠤ ᠠᠬᠤᠶᠢᠯᠠᠯ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠰᠠᠨᠠᠭᠤᠯᠭ᠎ᠠ ᠳᠤᠷᠠᠳᠪᠠ᠃ ᠲᠡᠷᠡ ᠬᠡᠯᠡᠭᠰᠡᠨ ᠨᠢ᠂ ᠵᠧᠨ ᠱᠢ ᠪᠦᠯᠦᠭᠯᠡᠯ ᠡᠬᠢ ᠪᠠᠶᠠᠯᠢᠭ᠂ ᠠᠵᠤ ᠦᠢᠯᠡᠰ᠂ ᠪᠡᠯᠡ ᠮᠥᠩᠭᠦ ᠪᠣᠯᠤᠨ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠷᠣᠨ ᠨᠤᠲᠤᠭ ᠲᠠᠢ ᠪᠦᠬᠦ ᠲᠠᠯ᠎ᠠ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠳᠡᠮᠵᠢᠨ᠎ᠡ ᠭᠡᠵᠦ ᠢᠯᠡᠳᠭᠡᠪᠡ᠃ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ ᠠᠵᠢᠯᠯᠠᠭ᠎ᠠ ᠳᠤ ᠤᠷᠤᠯᠴᠠᠪᠠ᠃ ︵ᠬᠠᠨ ᠸᠡᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号