| 5 ᠰᠠᠷ᠎ᠠ ᠶᠢᠨ 23 ᠤ ᠡᠳᠦᠷ᠂ ᠪᠥᠬᠦ ᠣᠷᠣᠨ ᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠴᠢ ᠬᠥᠳᠡᠯᠮᠦᠷᠢ ᠶᠢᠨ ᠵᠢᠱᠢᠶᠡᠴᠢ | ᠪᠣᠯᠤᠨ ᠲᠡᠷᠢᠭᠦᠨ ᠤ ᠠᠵᠢᠯᠲᠠᠨ ᠤ ᠦᠢᠯᠡ ᠠᠵᠢᠯᠯᠠᠭ᠎ᠠ ᠶᠢ ᠲᠣᠭᠤᠷᠢᠨ ᠤᠬᠠᠭᠤᠯᠤᠨ ᠲᠠᠶᠢᠯᠪᠤᠷᠢᠯᠠᠬᠤ | ᠮᠡᠳᠡᠭᠦᠯᠦᠯᠲᠡ ᠶᠢᠨ ᠬᠤᠷᠠᠯ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠶᠠᠪᠤᠭᠳᠠᠪᠠ᠃ ᠪᠥᠬᠦ | ᠠᠶᠢᠮᠠᠭ ᠤᠨ ᠡᠯ᠎ᠡ ᠱᠠᠲᠤᠨ ᠤ ᠬᠥᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠤ ᠲᠥᠯᠥᠭᠡᠯᠡᠭᠴᠢ᠂ ᠡᠯ᠎ᠡ | ᠠᠵᠢᠯ ᠲᠥᠷᠥᠯ ᠤᠨ ᠠᠵᠢᠯᠲᠠᠨ ᠠᠵᠢᠯᠴᠢᠨ ᠤ ᠲᠥᠯᠥᠭᠡᠯᠡᠭᠴᠢ᠂ ᠠᠵᠢᠯᠴᠢᠨ ᠤ ᠡᠪᠯᠡᠯ ᠤᠨ ᠺᠠᠳ᠋ᠷ ᠠᠵᠢᠯᠲᠠᠨ | ᠠᠵᠢᠯᠴᠢᠨ ᠵᠢᠴᠢ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ | ᠲᠥᠯᠥᠭᠡᠯᠡᠭᠴᠢ 600 ᠰᠢᠬᠠᠮ ᠬᠥᠮᠦᠨ ᠨᠢᠭᠡ ᠲᠠᠩᠬᠢᠮ ᠳᠤ ᠴᠤᠭᠯᠠᠷᠠᠵᠤ᠂ ᠲᠡᠮᠡᠴᠡᠯ ᠤᠨ ᠣᠭ ᠰᠠᠨᠠᠭ᠎ᠠ ᠪᠠᠨ | ᠬᠠᠮᠲᠤ ᠪᠠᠷ ᠶᠠᠷᠢᠯᠴᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠨᠢᠭᠲᠠᠷᠠᠭᠤᠯᠪᠠ᠃ | ᠮᠡᠳᠡᠭᠦᠯᠦᠯᠲᠡ ᠶᠢᠨ ᠬᠤᠷᠠᠯ ᠳᠡᠭᠡᠷ᠎ᠠ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ | ᠠᠵᠢᠯᠲᠠᠨ ᠤ ᠲᠥᠯᠥᠭᠡᠯᠡᠭᠴᠢ ᠭᠦᠸᠧ ᠶᠢᠨ ᠯᠦᠩ᠂ ᠯᠢᠦ ᠶᠣᠣ ᠨᠢᠩ᠂ ᠯᠢ ᠰᠢᠶᠤᠤ ᠸᠠᠩ ᠵᠢᠴᠢ ᠥᠪᠡᠷᠲᠡᠭᠡᠨ | ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠰᠦᠨ ᠴᠧᠩ ᠪᠢ᠂ ᠵᠠᠩ ᠲᠠᠢ ᠱᠦᠨ ᠲᠠᠰ ᠳᠠᠷᠠᠭᠠᠯᠠᠨ | ᠲᠠᠶᠢᠰᠠᠨ ᠳᠤ ᠭᠠᠷᠴᠦ᠂ ᠥᠪᠡᠷ ᠤᠨ ᠠᠵᠢᠯ ᠤᠨ ᠪᠣᠳᠠᠲᠤ ᠪᠠᠶᠢᠳᠠᠯ ᠪᠣᠯᠤᠨ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠭᠰᠡᠨ ᠰᠡᠳᠭᠢᠯ ᠬᠥᠳᠡᠯᠭᠡᠮ᠎ᠡ | ᠦᠯᠢᠭᠡᠷ ᠢᠶᠠᠨ ᠤᠯᠠᠨ ᠲᠠᠢ ᠬᠤᠪᠢᠶᠠᠯᠴᠠᠪᠠ᠃ ᠤᠯᠠᠨ ᠢᠶᠠᠷ ᠢᠶᠠᠨ᠂ ᠬᠤᠶᠢᠰᠢᠳᠠ ᠶᠢᠨ ᠠᠵᠢᠯ ᠤᠨ ᠳᠤᠮᠳᠠ | ᠬᠥᠳᠡᠯᠮᠦᠷᠢ ᠶᠢᠨ ᠵᠢᠱᠢᠶᠡᠴᠢ ᠪᠠᠷ ᠳᠠᠭᠤᠷᠢᠶᠠᠯ ᠪᠣᠯᠭᠠᠵᠤ᠂ ᠯᠠᠪᠳᠠᠭᠤᠨ ᠪᠠᠲᠤᠲᠠᠢ᠂ ᠵᠠᠮ ᠨᠡᠭᠡᠭᠡᠨ ᠰᠢᠨ᠎ᠡ ᠶᠢ | ᠡᠭᠦᠳᠴᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠡᠷᠡᠯᠬᠡᠭᠯᠡᠨ ᠲᠡᠮᠡᠴᠡᠵᠦ ᠬᠤᠪᠢ ᠨᠡᠮᠡᠷᠢ ᠦᠵᠡᠭᠦᠯᠵᠦ᠂ | ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ | ᠭᠡᠵᠦ ᠢᠯᠡᠳᠭᠡᠵᠡᠭᠡᠪᠡ᠃ | ᠳᠠᠷᠠᠭᠠᠴᠢ ᠪᠠᠷ᠂ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠪᠠᠰᠠ ᠬᠢᠩᠭᠠᠨ ᠠᠶᠢᠮᠠᠭ ᠤᠨ | ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠤᠯᠠᠭᠠᠨᠬᠤᠲᠠ ᠪᠤᠯᠤᠳ ᠲᠡᠮᠦᠷ ᠤᠨ ᠪᠦᠷᠢᠨ ᠪᠤᠰᠤ | ᠬᠠᠷᠢᠭᠤᠴᠠᠯᠭᠠᠲᠤ ᠺᠣᠮᠫᠠᠨᠢ᠂ ᠬᠢᠩᠭᠠᠨ ᠠᠶᠢᠮᠠᠭ ᠤᠨ ᠲᠦᠷᠭᠡᠨ ᠬᠦᠷᠭᠡᠯᠲᠡ ᠶᠢᠨ ᠠᠵᠢᠯ ᠲᠦᠷᠦᠯ ᠤᠨ ᠠᠵᠢᠯᠴᠢᠨ ᠤ | ᠡᠪᠯᠡᠯ ᠤᠨ ᠬᠤᠯᠪᠣᠭᠠᠲᠤ ᠬᠤᠷᠠᠯ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠬᠥᠳᠡᠯᠮᠦᠷᠢ ᠶᠢᠨ | ᠵᠢᠱᠢᠶᠡᠴᠢ ᠶᠢᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠢ | ᠨᠢᠭᠲᠠᠷᠠᠭᠤᠯᠤᠨ᠎ᠠ᠃ |