ᠰᠦᠬᠡ ᠳ᠋ᠢᠩ ᠮᠢᠨ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/6/3
        5 ᠰᠠᠷ᠎ᠠ ᠶᠢᠨ 29 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠵᠧᠵᠢᠶᠠᠩ ᠤᠨ ᠴᠧᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠢᠨ ᠴᠢ ᠯᠢᠨ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠢᠩ ᠮᠢᠨ ᠨᠡᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠨᠡᠮᠡᠭᠳᠡᠯ ᠴᠠᠬᠢᠯᠭᠠᠨ ᠲᠦᠭᠡᠭᠡᠬᠦ ᠲᠣᠤᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠰᠠᠨᠠᠯ ᠢᠶᠠᠨ ᠰᠣᠯᠢᠯᠴᠠᠵᠤ᠂ ᠬᠠᠮᠲᠤ ᠶᠢᠨ ᠲᠠᠨᠢᠯᠲᠠ ᠲᠠᠢ ᠪᠣᠯᠪᠠ᠃        ᠰᠦᠬᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠬᠡᠯᠡᠨ ᠳ᠋ᠢᠩ ᠮᠢᠨ ᠨᠡᠷ ᠤᠨ ᠬᠦᠷᠴᠦ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠭᠰᠡᠨ ᠨᠢ᠂ ᠣᠳᠣᠬᠠᠨ ᠳᠤ ᠮᠠᠨ ᠤ ᠠᠶᠢᠮᠠᠭ ᠶᠠᠭ ᠰᠢᠨ᠎ᠡ ᠡᠨᠧᠷᠭᠢ ᠪᠠᠷ ᠰᠢᠨ᠎ᠡ ᠬᠥᠳᠡᠯᠭᠡᠭᠦᠷ ᠪᠣᠯᠭᠠᠨ ᠠᠵᠤ ᠦᠢᠯᠡᠳᠪᠦᠷᠢ ᠶᠢᠨ ᠪᠠᠶᠢᠷᠢᠰᠢᠯ ᠢ ᠳᠠᠬᠢᠨ ᠪᠣᠶ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠬᠥᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠣᠬᠢᠷᠲᠤᠯ ᠥᠬᠡᠶ ᠤᠰᠤᠲᠥ᠋ᠷᠥᠭᠴᠢ ᠶᠢᠨ ᠰᠢᠪᠲᠦᠷᠲᠦ ᠠᠯᠺᠣᠣᠯ ᠤᠨ ᠰᠠᠭᠤᠷᠢᠨ ᠭᠠᠵᠠᠷ ᠢ ᠲᠦᠷᠭᠡᠳᠭᠡᠨ ᠪᠠᠶᠢᠭᠤᠯᠵᠤ ᠪᠠᠶᠢᠨ᠎ᠠ᠃ ᠠᠵᠤ ᠠᠬᠤᠶᠢᠯᠠᠯ ᠤᠳᠤ ᠶᠢᠨ ᠪᠠᠶᠢᠭ᠎ᠠ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠤᠶᠠᠷ ᠲᠠᠯ᠎ᠠ ᠶᠢᠨ ᠪᠣᠬᠢᠷᠲᠤᠯ ᠦᠭᠡᠢ ᠴᠠᠬᠢᠯᠭᠠᠨ ᠢ ᠪᠠᠭᠲᠠᠭᠠᠨ ᠠᠪᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠬᠢᠩᠭᠠᠨ ᠠᠶᠢᠮᠠᠭ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠦᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠬᠠᠩᠭᠠᠨ᠎ᠠ ᠭᠡᠪᠡ᠃        ᠳ᠋ᠢᠩ ᠮᠢᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠣᠯᠤᠨ ᠪᠡᠯᠡ ᠣᠷᠣᠭᠤᠯᠤᠯᠲᠠ ᠶᠢᠨ ᠲᠥᠯᠥᠪᠵᠢᠭᠦᠯᠭᠡ ᠪᠠᠨ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠳᠤᠰ ᠪᠡᠶ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠵᠤ ᠠᠬᠤᠶᠢᠯᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠪᠡ᠃        ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ᠂ ᠬᠥ᠋ ᠯᠢ ᠮᠢᠨ ᠨᠠᠷ ᠠᠭᠤᠯᠵᠠᠯᠲᠠ ᠳᠤ ᠣᠷᠣᠯᠴᠠᠵᠠᠶ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号