| ᠤᠳᠤᠬᠠᠨ ᠪᠣᠯᠲᠠᠯ᠎ᠠ᠂ ᠪᠥᠬᠦ ᠠᠶᠢᠮᠠᠭ ᠤᠨ ᠲᠠᠷᠢᠮᠠᠯ ᠤᠨ ᠠᠬᠢᠴᠠ ᠨᠢᠭᠡᠨᠲᠡ 80% ᠬᠤᠪᠢ ᠶᠢ ᠳᠠᠪᠠᠵᠤ᠂ | ᠴᠢᠨᠠᠷ ᠰᠠᠶᠢᠲᠠᠶ ᠬᠠᠪᠤᠷ ᠤᠨ ᠲᠠᠷᠢᠶᠠᠯᠠᠭ᠎ᠠ ᠶᠢᠨ ᠠᠵᠢᠯ ᠨᠢ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ | ᠨᠡᠮᠡᠷᠢᠯᠡᠪᠡ᠃ | ᠤᠯᠠᠭᠠᠨᠬᠤᠲᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠤᠷᠤᠨ ᠲᠣᠭᠤᠷᠢᠭ ᠲᠤ᠂ | ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ ᠲᠥᠬᠦᠭᠡᠷᠦᠮᠵᠢ ᠶᠢ ᠠᠴᠢᠶᠠᠯᠠᠭᠰᠠᠨ ᠳᠠᠷᠢᠮᠠᠯ ᠤᠨ ᠮᠠᠰᠢᠨ | ᠨᠠᠭᠠᠰᠢ ᠴᠠᠭᠠᠰᠢ ᠰᠦᠯᠵᠢᠯᠳᠦᠵᠦ᠂ ᠠᠵᠢᠯᠳᠠᠳ ᠶᠠᠭᠠᠷᠠᠯᠳᠠᠢ ᠠᠵᠢᠯᠯᠠᠵᠦ ᠪᠠᠶᠢᠯ᠎ᠠ᠃ ︽ᠡᠨᠡ ᠬᠡᠰᠡᠭ ᠭᠠᠵᠠᠷ ᠲᠤ | ᠤᠤᠯ ᠨᠢ ᠡᠷᠳᠡᠨᠢ ᠰᠢᠰᠢ ᠳᠠᠷᠢᠵᠦ ᠮᠦ ᠪᠦᠷᠢ ᠶᠢᠨ ᠤᠨᠠᠯᠲᠠ 1000 ᠵᠢᠩ ᠣᠷᠴᠢᠮ ᠪᠠᠶᠢᠵᠠᠢ᠂ ᠡᠨᠡ ᠵᠢᠯ | ᠪᠦᠷᠬᠦᠪᠴᠢ ᠪᠠᠷ ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠯᠡᠭᠰᠡᠨ ᠤ ᠳᠠᠷᠠᠭ᠎ᠠ ᠵᠢᠱᠢᠯᠲᠡ ᠪᠠᠷ ᠮᠦ ᠪᠦᠷᠢ ᠶᠢᠨ | ᠤᠨᠠᠯᠲᠠ 2000 ᠵᠢᠩ ᠣᠷᠴᠢᠮ ᠳᠤ ᠬᠦᠷᠭᠦ ᠪᠤᠯᠤᠨ᠎ᠠ︾ ᠭᠡᠵᠦ ᠰᠡᠷᠬᠡᠨ ᠣᠳᠣ ᠦᠶ᠎ᠡ ᠶᠢᠨ ᠲᠠᠷᠢᠶᠠᠯᠠᠩ ᠤᠨ | ᠤᠷᠤᠨ ᠲᠣᠭᠤᠷᠢᠭ ᠤᠨ ᠴᠣᠣ ᠶᠠᠩ ᠲᠣᠰᠬᠤᠨ ᠤ ᠨᠠᠮ ᠤᠨ ᠡᠭᠦᠷ ᠤᠨ ᠱᠦᠵᠢ ᠬᠠᠨ ᠶᠦᠩ ᠭᠠᠩ ᠲᠠᠨᠢᠯᠴᠠᠭᠤᠯᠵᠦ | ᠪᠠᠶᠢᠯ᠎ᠠ᠃ | ᠡᠨᠡ ᠵᠢᠯ᠂ ᠬᠠᠨ ᠶᠦᠩ ᠭᠠᠩ ᠰᠢᠨ᠎ᠡ ᠬᠡᠯᠪᠡᠷᠢ ᠶᠢᠨ ᠪᠦᠷᠬᠦᠪᠴᠢ ᠶᠢᠨ ᠳᠣᠣᠷ᠎ᠠ ᠳᠤᠰᠤᠯᠭᠠᠨ ᠤᠰᠤᠯᠠᠬᠤ | ᠨᠢᠭᠡ ᠴᠣᠭᠴᠠᠳᠦ ᠮᠠᠰᠢᠨ ᠬᠤᠳᠠᠯᠳᠤᠨ ᠠᠪᠴᠤ᠂ ᠪᠦᠷᠬᠦᠪᠴᠢ᠂ ᠳᠤᠰᠤᠯᠭᠠᠨ ᠤᠰᠤᠯᠠᠬᠤ ᠪᠠ ᠨᠠᠷᠢᠯᠢᠭ ᠲᠠᠷᠢᠬᠤ | ᠭᠤᠷᠪᠠ ᠶᠢ ᠨᠢᠭᠡ ᠴᠤᠭᠴᠠᠵᠢᠭᠤᠯᠤᠭᠰᠠᠨ ᠥᠨᠳᠥᠷ ᠪᠦᠲᠦᠮᠵᠢᠲᠡᠶ ᠠᠵᠢᠯᠯᠠᠬᠤ ᠵᠠᠭᠪᠤᠷ ᠢ ᠪᠡᠶᠡᠯᠡᠭᠦᠯᠪᠡ᠃ | ᠡᠶᠢᠮᠦᠷᠬᠦᠦ ᠰᠢᠨ᠎ᠠ ᠮᠡᠷᠭᠡᠵᠢᠯ ᠨᠢ ᠴᠢᠭᠢᠭ ᠢ ᠪᠦᠲᠦᠮᠵᠢᠲᠡᠶ ᠬᠠᠮᠠᠭᠠᠯᠠᠬᠤ ᠪᠠᠷ ᠪᠠᠷᠠᠬᠤ ᠦᠭᠡᠢ ᠪᠠᠰᠠ ᠤᠰᠤ | ᠪᠤᠷᠳᠤᠭᠤᠷ ᠬᠡᠷᠡᠭᠯᠡᠬᠦ ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠬᠢᠵᠠᠭᠠᠷᠯᠠᠵᠤ᠂ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢᠨ ᠨᠤᠷᠮ᠎ᠠ ᠪᠠ ᠲᠠᠷᠢᠮᠠᠯ ᠤᠨ ᠤᠨᠠᠯᠲᠠ ᠶᠢ ᠶᠡᠬᠡᠪᠡᠷ ᠳᠡᠭᠡᠭᠰᠢᠯᠡᠭᠦᠯᠪᠡ᠃ ︽ᠡᠨᠡ ᠵᠢᠯ ᠡᠷᠳᠡᠨᠢ | ᠰᠢᠰᠢ ᠶᠢ ᠪᠦᠷᠬᠦᠪᠴᠢ ᠶᠢᠨ ᠳᠣᠣᠷ᠎ᠠ ᠳᠠᠷᠢᠬᠤ ᠮᠡᠷᠭᠡᠵᠢᠯ ᠢ 1 ᠲᠦᠮᠡᠨ ᠮᠥ ᠳᠡᠯᠭᠡᠷᠡᠭᠦᠯᠬᠦ ᠪᠠᠷ ᠲᠥᠯᠥᠪᠯᠡᠵᠦ ᠪᠤᠢ᠂ | ᠡᠨᠡ ᠨᠢ ᠬᠥᠷᠥᠰᠥ ᠰᠢᠷᠣᠶ ᠶᠢᠨ ᠠᠮᠢ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠤᠨ᠂ ᠲᠠᠷᠢᠶᠠᠯᠠᠩ ᠤᠨ | ᠦᠷᠭᠦᠯᠵᠢᠯᠡᠬᠦᠶᠢᠴᠡ ᠬᠥᠭᠵᠢᠯᠲᠡ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ︾ ᠭᠡᠵᠦ ᠰᠡᠷᠬᠡᠨ ᠣᠳᠣ | ᠦᠶ᠎ᠡ ᠶᠢᠨ ᠲᠠᠷᠢᠶᠠᠯᠠᠩ ᠤᠨ ᠤᠷᠤᠨ ᠲᠣᠭᠤᠷᠢᠭ ᠤᠨ ᠮᠡᠳᠡᠭᠡ ᠵᠠᠩᠭᠢ ᠶᠢᠨ ᠮᠡᠷᠭᠡᠵᠢᠯ ᠢ ᠳᠡᠯᠭᠡᠷᠡᠭᠦᠯᠬᠦ | ᠦᠢᠯᠡᠴᠢᠯᠡᠭᠡᠨ ᠤ ᠲᠥᠪ ᠤᠨ ᠡᠷᠬᠢᠯᠡᠭᠴᠢ ᠵᠦ ᠶᠢᠨ ᠯᠢ ᠬᠡᠯᠡᠪᠡ᠃ | ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠤᠨ ᠦᠷᠭᠦᠯᠵᠢᠯᠡᠭᠰᠡᠨ ᠲᠠᠷᠢᠶᠠᠨ ᠳᠤ ᠰᠢᠨ᠎ᠠ ᠬᠡᠯᠪᠡᠷᠢ ᠶᠢᠨ | ᠦᠷ᠎ᠠ ᠰᠠᠴᠤᠬᠤ ᠮᠠᠰᠢᠨ ᠨᠠᠭᠠᠰᠢ ᠴᠠᠭᠠᠰᠢ ᠰᠦᠯᠵᠢᠯᠳᠤᠨ ᠶᠠᠭᠠᠷᠠᠯᠳᠠᠢ ᠠᠵᠢᠯᠯᠠᠵᠦ ᠪᠠᠶᠢᠯ᠎ᠠ᠃ ︽ᠡᠨᠡ ᠵᠢᠯ ᠲᠡᠳᠡ | 830 ᠮᠥ ᠰᠦᠢ ᠨᠦᠩ 88 ᠰᠢᠷ᠎ᠠ ᠪᠤᠷᠴᠠᠭ ᠳᠠᠷᠢᠵᠤ᠂ ᠰᠢᠨ᠎ᠠ ᠬᠡᠯᠪᠡᠷᠢ ᠶᠢᠨ ᠦᠷ᠎ᠠ ᠰᠠᠴᠤᠬᠤ ᠮᠠᠰᠢᠨ ᠨᠢ ᠴᠠᠭ | ᠪᠦᠷᠢ 35 ᠮᠥ ᠣᠷᠴᠢᠮ ᠳᠠᠷᠢᠵᠤ᠂ ᠬᠠᠭᠤᠴᠢᠨ ᠮᠠᠶ᠋ᠢᠭ ᠤᠨ ᠳᠠᠷᠢᠬᠤ ᠮᠠᠰᠢᠨ ᠲᠠᠢ ᠬᠠᠷᠢᠴᠠᠭᠤᠯᠪᠠᠯ ᠦᠷ᠎ᠡ | ᠪᠦᠲᠦᠮᠵᠢ ᠨᠢ ᠶᠡᠭᠡ ᠪᠠᠷ ᠳᠡᠭᠡᠭᠰᠢᠯᠡᠵᠦ᠂ ᠴᠢᠬᠢ ᠶᠢᠨ ᠤᠷᠭᠤᠯᠳᠡ ᠨᠠᠩ ᠪᠠᠲᠤᠯᠠᠭ᠎ᠠ ᠲᠠᠢ ᠪᠣᠯᠪᠠ︾ ᠭᠡᠵᠦ ᠵᠠᠯᠠᠶᠢᠳ | ᠬᠤᠰᠢᠭᠤᠨ ᠤ ᠨᠤᠨᠮᠦ᠋ᠷᠡᠨ ᠰᠢᠶᠠᠩ ᠤᠨ ᠰᠢᠨ ᠨᠦᠩ ᠹᠧᠩ ᠬᠤᠷᠰᠢᠶᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠪᠠᠶ | ᠭᠦᠸᠧ ᠭᠠᠩ ᠬᠡᠯᠡᠪᠡ᠃ | ᠡᠨᠡ ᠵᠢᠯ᠂ ᠨᠤᠨᠮᠦ᠋ᠷᠡᠨ ᠰᠢᠶᠠᠩ 4 ᠲᠦᠮᠡᠨ ᠮᠥ ᠰᠢᠷ᠎ᠠ ᠪᠤᠷᠴᠠᠭ ᠳᠠᠷᠢᠬᠤ ᠪᠠᠷ ᠲᠥᠯᠥᠪᠯᠡᠵᠦ᠂ ︽ | ᠴᠠᠭ ᠲᠤᠨᠢ ᠳᠣᠭᠢᠷᠠᠭᠤᠯᠤᠨ ᠡᠷᠲᠡ ᠳᠠᠷᠢᠬᠤ᠂ ᠪᠠᠷᠢᠮᠵᠢᠶᠠᠵᠢᠭᠤᠯᠤᠨ ᠠᠵᠢᠯᠯᠠᠬᠤ︾ ᠪᠠᠷ ᠭᠠᠷᠳᠠᠴᠠ ᠪᠣᠯᠭᠠᠵᠤ᠂ | ᠲᠠᠷᠢᠮᠠᠯ ᠤᠨ ᠬᠤᠷᠰᠢᠶ᠎ᠠ ᠠᠴᠠ ᠲᠠᠷᠢᠶᠠᠴᠢᠳ ᠢ ᠢᠳᠡᠪᠬᠢᠲᠡᠶ ᠪᠠᠷ ᠬᠥᠲᠥᠯᠦᠨ ᠵᠢᠯᠤᠭᠤᠳᠤᠨ ᠰᠢᠷ᠎ᠠ ᠪᠤᠷᠴᠠᠭ ᠤᠨ | ᠳᠠᠯᠠᠩ ᠢ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠤᠰᠤ ᠪᠤᠷᠳᠤᠭᠤᠷ ᠢ ᠨᠠᠷᠢᠯᠢᠭ ᠣᠨᠣᠴᠠᠲᠠᠶ ᠪᠠᠷ | ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠵᠢᠭᠦᠯᠪᠡ᠃ ᠲᠣᠰ ᠮᠡᠷᠭᠡᠵᠢᠯ ᠨᠢ ᠤᠰᠤ ᠪᠤᠷᠳᠤᠭᠤᠷ ᠬᠡᠷᠡᠭᠯᠡᠬᠦ | ᠬᠡᠮᠵᠢᠶ᠎ᠡ ᠶᠢ ᠨᠠᠷᠢᠯᠢᠭ ᠣᠨᠣᠴᠠᠲᠠᠶ ᠪᠠᠷ ᠡᠵᠡᠮᠳᠡᠬᠦ ᠪᠠᠷ ᠳᠠᠮᠵᠢᠭᠤᠯᠤᠨ᠂ ᠤᠰᠤᠨ ᠤ ᠬᠡᠮᠵᠢᠶ᠎ᠠ ᠶᠢ 30%᠂ | ᠪᠤᠷᠳᠤᠭᠤᠷ ᠤᠨ ᠬᠡᠮᠵᠢᠶ᠎ᠠ ᠶᠢ 20% ᠠᠷᠪᠢᠯᠠᠵᠦ᠂ ᠲᠠᠯᠠᠪᠠᠢ ᠨᠢᠭᠡᠴᠢ ᠶᠢᠨ ᠤᠨᠠᠯᠲᠠ ᠶᠢ 50 ᠺᠢᠯᠣᠭ᠍ᠷᠠᠮ | ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠬᠦᠯᠬᠦ ᠪᠠᠷ ᠴᠢᠷᠮᠠᠶᠢᠵᠦ ᠪᠤᠢ᠃ | ᠬᠠᠪᠤᠷ ᠤᠨ ᠲᠠᠷᠢᠶᠠᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠢᠩᠭᠠᠨ | ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠠᠷᠢᠶᠠᠯᠠᠩ ᠤᠨ ᠮᠡᠷᠭᠡᠵᠢᠯ ᠤᠨ ᠠᠵᠢᠯᠲᠠᠳ ᠢ | ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠪᠥᠬᠦ ᠲᠠᠯ᠎ᠠ ᠶᠢᠨ᠂ ᠣᠯᠠᠨ ᠲᠠᠰ | ᠳᠠᠪᠬᠤᠷᠭ᠎ᠠ ᠶᠢᠨ ᠮᠡᠷᠭᠡᠵᠢᠯ ᠤᠨ ᠵᠢᠯᠤᠭᠤᠳᠤᠯᠭ᠎ᠠ ᠶᠢᠨ ᠦᠢᠯᠡᠴᠢᠯᠡᠭᠡ ᠥᠷᠨᠢᠭᠦᠯᠵᠠᠢ᠃ ᠡᠭᠦᠨ ᠤ ᠬᠠᠮᠲᠤ᠂ ︽ | ᠠᠶᠢᠮᠠᠭ᠂ ᠬᠤᠰᠢᠭᠤ ᠰᠢᠶᠠᠨ᠂ ᠰᠢᠶᠠᠩ ᠪᠠᠯᠭᠠᠰᠤ︾ ᠭᠤᠷᠪᠠᠨ ᠱᠠᠲᠤᠨ ᠤ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠠᠵᠢᠯᠲᠠᠳ ᠢ ᠡᠮᠤᠨ᠎ᠠ ᠹᠷᠣᠨᠲ ᠲᠤ ᠭᠦᠨᠵᠡᠭᠡᠶᠢᠷᠡᠭᠦᠯᠵᠦ᠂ ︽ᠡᠳᠦᠷ ᠢᠶᠠᠷ | ᠳᠤᠬᠢᠷᠠᠭᠤᠯᠤᠨ ᠡᠵᠡᠮᠳᠡᠬᠦ᠂ ᠭᠠᠷᠠᠭ ᠲᠤ ᠰᠤᠳᠤᠯᠤᠨ ᠮᠠᠭᠠᠳᠯᠠᠬᠤ︾ ᠬᠥᠳᠡᠯᠦᠩᠭᠦᠶ ᠬᠠᠮᠢᠶᠠᠷᠤᠯᠲᠠ ᠶᠢᠨ ᠵᠠᠭᠪᠤᠷ ᠢ | ᠬᠡᠷᠡᠭᠵᠢᠭᠦᠯᠪᠠ᠃ ᠪᠠᠰᠠ ᠴᠠᠭ ᠠᠭᠤᠷ ᠪᠠ ᠬᠥᠷᠥᠰᠥ ᠰᠢᠷᠣᠶ ᠵᠡᠷᠭᠡ ᠣᠯᠠᠨ ᠲᠠᠯ᠎ᠠ ᠶᠢᠨ ᠲᠤᠭ᠎ᠠ ᠪᠠᠷᠢᠮᠲᠠ ᠶᠢ | ᠡᠮᠬᠢᠯᠡᠨ ᠨᠡᠶᠢᠯᠡᠭᠦᠯᠵᠦ᠂ ᠲᠠᠷᠢᠶᠠᠴᠢᠨ ᠡᠷᠦᠬᠡ ᠳᠤ ᠨᠠᠷᠢᠯᠢᠭ ᠣᠨᠣᠴᠠᠲᠠᠶ ᠪᠠᠷ ᠲᠠᠷᠢᠶᠠᠯᠠᠩ ᠤᠨ ᠮᠡᠷᠭᠡᠵᠢᠯ ᠤᠨ | ᠦᠢᠯᠡᠴᠢᠯᠡᠭᠡ ᠬᠠᠨᠭ᠍ᠭᠠᠵᠠᠢ᠃ ᠣᠲᠣᠬᠠᠨ ᠪᠣᠯᠲᠠᠯ᠎ᠠ᠂ ᠬᠢᠨᠭ᠍ᠭᠠᠨ ᠠᠶᠢᠮᠠᠭ ᠨᠢᠭᠡᠨᠲᠡ 237 ᠤᠳᠠᠭᠠᠨ ᠤ ᠮᠡᠷᠭᠡᠵᠢᠯ ᠤᠨ | ᠵᠢᠯᠤᠭᠤᠳᠤᠯᠭ᠎ᠠ ᠶᠢᠨ ᠦᠢᠯᠡᠴᠢᠯᠡᠭᠡ ᠬᠠᠨᠭ᠍ᠭᠠᠵᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠪᠠ | ᠲᠠᠷᠢᠶᠠᠴᠢᠨ ᠡᠷᠦᠬᠡ ᠶᠢ ᠵᠢᠯᠣᠭᠤᠳᠤᠨ ᠦᠢᠯᠡᠴᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ | ᠬᠦᠴᠦᠲᠡᠶ ᠮᠡᠷᠭᠡᠵᠢᠯ ᠤᠨ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠭᠰᠠᠨ ᠪᠠᠶᠢᠨ᠎ᠠ᠃ ︵ᠯᠢ ᠤᠭ᠍ᠶᠦ︶ | | | | |