| ᠬᠠᠪᠤᠷ ᠤᠨ ᠲᠠᠷᠢᠶᠠᠯᠠᠭ᠎ᠠ ᠶᠢᠨ ᠵᠠᠩᠬᠢᠯᠠᠭ᠎ᠠ ᠶᠢᠨ ᠬᠤᠭᠤᠴᠠᠭᠠᠨ ᠳᠤ᠂ ᠬᠢᠩᠭᠠᠨ ᠠᠳᠠᠷ ᠬᠠᠭᠠᠯᠪᠤᠷᠢᠯᠠᠯᠳᠠ | ᠬᠠᠪᠤᠷ ᠤᠨ ᠲᠠᠷᠢᠶᠠᠯᠠᠭ᠎ᠠ ᠶᠢᠨ ᠴᠠᠭ ᠢ ᠠᠮᠵᠢᠨ᠂ ᠡᠯ᠎ᠠ ᠲᠠᠷᠢᠶᠠᠯᠠᠩ ᠮᠠᠯᠵᠢᠯ ᠤᠨ ᠲᠠᠯᠠᠪᠠᠢ ᠶᠢ ᠢᠳᠡᠪᠬᠢᠳᠠᠢ ᠵᠤᠬᠢᠶᠠᠨ | ᠪᠠᠶᠢᠭᠤᠯᠤᠨ ᠲᠠᠷᠢᠶᠠᠯᠠᠭ᠎ᠠ ᠶᠢᠨ ᠠᠵᠢᠯ ᠢᠶᠠᠨ ᠡᠮᠬᠢ ᠴᠡᠭᠴᠡ ᠲᠠᠢ ᠶᠠᠪᠤᠭᠳᠠᠭᠤᠯᠵᠤ᠂ ᠬᠠᠪᠤᠷ ᠤᠨ ᠲᠠᠷᠢᠶᠠᠯᠠᠭ᠎ᠠ ᠶᠢ | ᠪᠦᠬᠦ ᠬᠦᠴᠦᠨ ᠢᠶᠠᠷ ᠳᠡᠮᠵᠢᠵᠤ ᠪᠤᠢ᠃ ᠦᠷᠭᠡᠨ ᠠᠭᠤᠳᠠᠮ ᠲᠠᠷᠢᠶᠠᠨ ᠭᠠᠵᠠᠷ ᠲᠤ᠂ ᠪᠸᠢ ᠳ᠋ᠸᠥ ᠵᠠᠮᠴᠢᠯᠠᠭᠴᠢ ᠶᠢᠨ | ᠲᠠᠭᠠᠭᠤᠯᠢ ᠤᠳᠤ ᠶᠢ ᠠᠴᠢᠶᠠᠯᠠᠭᠰᠠᠨ ᠤᠶᠤᠨᠴᠢ ᠲᠠᠷᠢᠶᠠᠯᠠᠩ ᠤᠨ ᠮᠠᠰᠢᠨ ᠨᠠᠭᠠᠰᠢ ᠴᠠᠭᠠᠰᠢ ᠰᠦᠯᠵᠢᠯᠳᠤᠵᠤ᠂ | ᠤᠶᠤᠨᠴᠢᠯᠠᠭᠰᠠᠨ ᠬᠢᠨᠠᠨ ᠬᠡᠮᠵᠢᠯᠳᠠ ᠵᠡᠷᠭᠡ ᠰᠢᠨ᠎ᠠ ᠮᠡᠷᠭᠡᠵᠢᠯ᠂ ᠰᠢᠨ᠎ᠠ ᠲᠦᠬᠦᠭᠡᠷᠤᠮᠵᠢ ᠦᠷᠭᠡᠨ ᠢᠶᠠᠷ ᠬᠡᠷᠡᠭᠯᠡᠭᠳᠡᠵᠤ᠂ | ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠳᠠᠨ ᠠᠴᠠ ᠲᠠᠷᠢᠶᠠᠨ ᠭᠠᠵᠠᠷ ᠲᠤ ᠬᠦᠨᠵᠡᠭᠡᠶᠢᠷᠡᠨ | ᠵᠢᠯᠤᠭᠤᠳᠤᠯᠭ᠎ᠠ ᠬᠢᠵᠤ᠂ ᠪᠦᠬᠦ ᠵᠢᠯ ᠤᠨ ᠲᠠᠷᠢᠶᠠᠯᠠᠩ ᠤᠨ ᠤᠨᠠᠯᠳᠠ ᠳᠤ ᠪᠠᠳᠤᠯᠠᠭ᠎ᠠ ᠬᠠᠩᠭᠠᠨ᠎ᠠ᠃ | ︽ᠦᠭᠡᠷᠡᠴᠢᠯᠡᠭᠰᠡᠨ ᠤ ᠲᠠᠷᠠᠭᠠᠬᠢ ᠦᠷ᠎ᠠ ᠰᠠᠴᠤᠬᠤ ᠮᠠᠰᠢᠨ ᠨᠢ ᠦᠷ᠎ᠠ ᠰᠠᠴᠤᠬᠤ᠂ ᠪᠦᠷᠬᠦᠬᠦ᠂ | ᠲᠤᠰᠤᠯᠭᠠᠨ ᠤᠰᠤᠯᠠᠬᠤ ᠬᠤᠭᠤᠯᠠᠢ ᠤᠭᠰᠠᠷᠠᠬᠤ ᠶᠢ ᠨᠢᠭᠡᠯᠠ ᠤᠳᠠᠭ᠎ᠠ ᠳᠤ ᠪᠦᠬᠦᠨ ᠢ ᠲᠠᠭᠤᠰᠬᠠᠨ᠂ ᠲᠠᠷᠢᠵᠤ | ᠤᠷᠭᠤᠭᠤᠯᠬᠤ ᠪᠦᠬᠦ ᠶᠠᠪᠤᠴᠠ ᠶᠢ ᠲᠦᠬᠦᠮᠴᠢᠯᠡᠵᠤ᠂ ᠮᠤᠬᠠᠨᠢᠭᠵᠢᠯᠳᠠ ᠶᠢ ᠦᠨᠡᠨ ᠬᠦ ᠪᠠᠶᠡᠯᠡᠬᠦᠯᠵᠠᠢ︾ ᠭᠡᠵᠤ ᠬᠦᠬᠡ | ᠮᠠᠯᠵᠢᠯ ᠤᠨ ᠲᠠᠯᠠᠪᠠᠢ ᠶᠢᠨ ᠲᠠᠷᠢᠶᠠᠯᠠᠩ ᠤᠨ ᠮᠠᠰᠢᠨ ᠤ ᠵᠢᠯᠤᠭᠤᠴᠢ ᡁᠢ ᠴᠢᠶᠠᠩ ᠮᠠᠰᠢᠨ ᠢᠶᠠᠨ ᠵᠢᠯᠤᠭᠤᠳᠬᠤ ᠶᠢᠨ | ᠲᠠᠭᠠᠥ ᠶᠠᠷᠢᠨ᠎ᠠ᠃ | ᠦᠨᠳᠤᠷ ᠦᠷ᠎ᠠ ᠠᠰᠢᠭᠳᠠᠢ ᠲᠠᠷᠢᠵᠤ ᠤᠷᠭᠤᠭᠤᠯᠬᠤ ᠶᠢ ᠪᠡᠶᠡᠯᠡᠬᠦᠯᠬᠦ ᠪᠠᠷ᠂ ᠬᠦᠬᠡ ᠮᠠᠯᠵᠢᠯ ᠤᠨ ᠲᠠᠯᠠᠪᠠᠢ | ᠲᠠᠷᠢᠵᠤ ᠤᠷᠭᠤᠭᠤᠯᠬᠤ ᠲᠦᠬᠦᠭᠡᠷᠤᠮᠵᠢ ᠳᠡᠭᠡᠨ ᠲᠤᠬᠢᠭᠤᠷ ᠲᠤᠯᠤᠭᠠᠨ ᠤᠳᠤ ᠨᠡᠷᠡᠮᠵᠢᠳᠤ ᠬᠢᠮᠡᠯ ᠲᠠᠭᠠᠭᠤᠯᠢ | ᠤᠳᠤᠨ ᠤ ᠰᠢᠰᠲ᠋ᠧᠮ ᠢ ᠤᠭᠰᠠᠷᠠᠨ᠂ ᠲᠠᠷᠢᠶᠠᠯᠠᠬᠤ ᠠᠴᠠ ᠡᠮᠤᠨ᠎ᠠ᠂ ᠲᠤᠬᠢᠭᠤᠷ ᠲᠤᠯᠤᠭᠠᠨ ᠤᠳᠤ ᠨᠡᠷᠡᠮᠵᠢᠳᠤ ᠬᠢᠮᠡᠯ | ᠲᠠᠭᠠᠭᠤᠯᠢ ᠤᠳᠤᠨ ᠤ ᠰᠢᠰᠲ᠋ᠧᠮ ᠢᠶᠠᠷ ᠲᠠᠷᠢᠶᠠᠨ ᠭᠠᠵᠠᠷ ᠲᠤ ᠬᠢᠨᠠᠨ ᠬᠡᠮᠵᠢᠯᠳᠠ ᠬᠢᠵᠤ᠂ ᠲᠠᠷᠢᠶᠠᠨ ᠭᠠᠵᠠᠷ ᠤᠨ | ᠲᠠᠯᠠᠪᠠᠢ᠂ ᠭᠠᠵᠠᠷ ᠤᠨ ᠪᠠᠶᠢᠴᠠ ᠶᠢᠨ ᠪᠠᠶᠢᠳᠠᠯ ᠵᠡᠷᠭᠡ ᠰᠤᠷᠠᠭ ᠵᠠᠩᠬᠢ ᠶᠢ ᠤᠨᠤᠴᠠᠳᠠᠢ ᠪᠠᠷ ᠴᠤᠭᠯᠠᠭᠤᠯᠵᠤ᠂ | ᠲᠤᠬᠢᠭᠤᠷ ᠲᠤᠯᠤᠭᠠᠨ ᠤᠳᠤ ᠨᠡᠷᠡᠮᠵᠢᠳᠤ ᠬᠢᠮᠡᠯ ᠲᠠᠭᠠᠭᠤᠯᠢ ᠤᠳᠤᠨ ᠤ ᠰᠢᠰᠲ᠋ᠧᠮ ᠳᠤ ᠲᠦᠰᠢᠭᠯᠡᠨ ᠲᠠᠷᠢᠶᠠᠨ | ᠭᠠᠵᠠᠷ ᠲᠤ ᠤᠷᠢᠳᠠᠪᠠᠷ ᠪᠠᠶᠢᠷᠢ ᠲᠤᠭᠳᠠᠭᠠᠨ᠂ ᠬᠠᠮᠤᠭ ᠰᠢᠯᠢᠳᠡᠭ ᠠᠵᠢᠯᠯᠠᠬᠤ ᠵᠠᠮ ᠢ ᠲᠦᠯᠤᠪᠯᠡᠵᠤ᠂ | ᠤᠨᠤᠴᠠᠳᠠᠢ ᠪᠠᠷ ᠦᠷ᠎ᠠ ᠰᠠᠴᠤᠨ᠂ ᠬᠠᠪᠤᠷ ᠤᠨ ᠲᠠᠷᠢᠶᠠᠯᠠᠭ᠎ᠠ ᠶᠢᠨ ᠦᠷ᠎ᠠ ᠠᠰᠢᠭ ᠢ ᠪᠦᠳᠤᠮᠵᠢᠳᠠᠢ ᠲᠡᠭᠡᠭᠰᠢᠯᠡᠬᠦᠯᠵᠤ | ᠴᠢᠳᠠᠪᠠ᠃ | ︽ᠮᠠᠨ ᠤ ᠲᠠᠯᠠᠪᠠᠢ ᠬᠠᠪᠤᠷ ᠤᠨ ᠲᠠᠷᠢᠶᠠᠯᠠᠭ᠎ᠠ᠂ ᠵᠤᠨ ᠤ ᠬᠠᠮᠢᠶᠠᠷᠤᠯᠳᠠ᠂ ᠨᠠᠮᠤᠷ ᠤᠨ ᠬᠤᠷᠢᠶᠠᠯᠳᠠ ᠵᠡᠷᠭᠡ | ᠭᠤᠭᠴᠤᠭᠠᠨ ᠳᠤ ᠪᠦᠷ ᠰᠢᠨᠵᠢᠯᠡᠬᠦ ᠤᠬᠠᠭᠠᠨᠴᠢ ᠠᠷᠭ᠎ᠠ ᠠᠪᠴᠠᠯ ᠢ ᠠᠰᠢᠭᠯᠠᠵᠤ᠂ ᠲᠠᠯᠠᠪᠠᠢ ᠶᠢᠨ ᠮᠤᠬᠠᠨᠢᠭᠵᠢᠭᠰᠠᠨ᠂ | ᠤᠳᠤᠬᠢᠴᠢᠯᠠᠭᠰᠠᠨ᠂ ᠤᠶᠤᠨᠴᠢᠯᠠᠭᠰᠠᠨ ᠲᠡᠶᠢᠰᠢ ᠬᠦᠭᠵᠢᠬᠦ ᠶᠢ ᠠᠬᠢᠭᠤᠯᠤᠨ᠂ ᠠᠵᠢᠯᠳᠠᠨ ᠤᠯᠠᠨ ᠲᠦᠮᠡᠨ ᠳᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠠᠰᠢᠭ ᠢ ᠦᠨᠡᠨ ᠬᠦ ᠡᠳ᠋ᠯᠡᠬᠦᠯᠵᠠᠢ︾ ᠭᠡᠵᠤ ᠬᠦᠬᠡ | ᠮᠠᠯᠵᠢᠯ ᠤᠨ ᠲᠠᠯᠠᠪᠠᠢ ᠶᠢᠨ ᠲᠡᠳ᠋ ᠲᠠᠷᠤᠭ᠎ᠠ ᠶᠧ ᠯᠢ ᠭᠥᠸᠧ ᠶᠠᠷᠢᠨ᠎ᠠ᠃ | ᠡᠬᠦᠨ ᠠᠴᠠ ᠭᠠᠳᠠᠨ᠎ᠠ᠂ ᠬᠢᠩᠭᠠᠨ ᠠᠳᠠᠷ ᠬᠠᠭᠠᠯᠪᠤᠷᠢᠯᠠᠯᠳᠠ ᠶᠢᠨ ᠡᠯ᠎ᠠ ᠲᠠᠷᠢᠶᠠᠯᠠᠩ ᠦᠢᠯᠡᠳᠪᠤᠷᠢᠯᠡᠯ ᠤᠨ | ᠰᠠᠯᠠᠭ᠎ᠠ ᠮᠦᠴᠢᠷ ᠪᠠᠰᠠ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠡᠷᠭᠡᠵᠢᠯ ᠤᠨ ᠪᠤᠯᠪᠠᠰᠤᠷᠠᠯ ᠤᠨ ᠠᠩᠬᠢ ᠶᠢ | ᠢᠳᠡᠪᠬᠢᠳᠠᠢ ᠵᠤᠬᠢᠶᠠᠨ ᠪᠠᠶᠢᠭᠤᠯᠤᠨ ᠦᠷᠨᠢᠬᠦᠯᠪᠡ᠃ | ᠤᠶᠢᠷ᠎ᠠ ᠶᠢᠨ ᠡᠳᠤᠷ᠂ ᠲᠦᠯᠢᠶᠠᠮᠤᠳᠤ ᠲᠠᠷᠢᠶᠠᠯᠠᠩ ᠤᠨ ᠲᠠᠯᠠᠪᠠᠢ ᠶᠢᠨ ᠬᠡᠪᠴᠢᠶᠡᠵᠢᠭᠰᠡᠨ ᠡᠵᠡᠩᠨᠡᠯᠳᠠ ᠶᠢᠨ | ᠬᠠᠮᠢᠶᠠᠷᠤᠯᠳᠠ ᠶᠢᠨ ᠤᠷᠤᠨ ᠤ ᠡᠷᠬᠢᠯᠡᠭᠰᠡᠨ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠮᠡᠷᠭᠡᠵᠢᠯ ᠤᠨ | ᠪᠤᠯᠪᠠᠰᠤᠷᠠᠯ ᠨᠢ ︽ᠤᠨᠤᠯ ᠤᠨ ᠬᠢᠴᠢᠶᠡᠯ ᠤᠷᠤᠬᠤ + ᠪᠤᠳᠠᠳᠠᠢ ᠭᠠᠵᠠᠷ ᠲᠤ ᠲᠠᠶᠢᠯᠪᠤᠷᠢᠯᠠᠯᠳᠠ ᠬᠢᠬᠦ + ᠬᠡᠷᠡᠭ ᠤᠨ | ᠵᠢᠱᠢᠶ᠎ᠠ ᠶᠢ ᠵᠠᠳᠠᠯᠬᠤ + ᠬᠠᠷᠢᠯᠴᠠᠨ ᠬᠦᠳᠡᠯᠤᠯᠴᠠᠨ ᠠᠰᠠᠭᠤᠯᠳᠠ ᠬᠠᠷᠢᠭᠤᠯᠬᠤ︾ ᠵᠡᠷᠭᠡ ᠬᠠᠮᠤᠭ ᠰᠢᠨ᠎ᠠ | ᠬᠡᠯᠪᠡᠷᠢ ᠪᠠᠷ ᠶᠠᠪᠤᠭᠳᠠᠭᠤᠯᠵᠤ᠂ ᠲᠠᠷᠢᠶᠠᠯᠠᠩ ᠤᠨ ᠮᠡᠷᠭᠡᠵᠢᠯᠳᠠᠳ ᠠᠴᠠ ᠤᠶᠢᠯᠠᠭᠠᠬᠤ ᠳᠤ ᠠᠮᠠᠷᠬᠠᠨ ᠦᠭᠡ | ᠬᠡᠯᠡᠯᠭᠡ ᠪᠠᠷ ᠡᠯ᠎ᠠ ᠲᠦᠷᠤᠯ ᠤᠨ ᠲᠠᠷᠢᠮᠠᠯ ᠤᠨ ᠲᠠᠷᠢᠵᠤ ᠤᠷᠭᠤᠭᠤᠯᠬᠤ ᠮᠡᠷᠭᠡᠵᠢᠯ᠂ ᠲᠠᠷᠢᠶᠠᠯᠠᠩ ᠤᠨ ᠮᠠᠰᠢᠨ ᠤ | ᠠᠷᠠᠴᠢᠯᠠᠯᠳᠠ ᠪᠠ ᠬᠡᠷᠡᠭᠯᠡᠬᠦ ᠮᠡᠳᠡᠯᠭᠡ ᠵᠢᠴᠢ ᠤᠳᠤᠬᠠᠨ ᠤ ᠬᠠᠪᠤᠷ ᠤᠨ ᠲᠠᠷᠢᠶᠠᠯᠠᠭ᠎ᠠ ᠦᠢᠯᠡᠳᠪᠤᠷᠢᠯᠡᠯ ᠳᠤ ᠠᠩᠬᠠᠷᠬᠤ | ᠴᠢᠬᠤᠯᠠᠳᠠᠢ ᠵᠦᠢᠯ ᠳᠤ ᠰᠢᠰᠲ᠋ᠧᠮ ᠲᠠᠢ ᠲᠠᠶᠢᠯᠪᠤᠷᠢᠯᠠᠯᠳᠠ ᠬᠢᠪᠠ᠃ ᠡᠳᠡᠭᠡᠷ ᠪᠤᠯᠪᠠᠰᠤᠷᠠᠯ ᠢᠶᠠᠷ ᠲᠠᠮᠵᠢᠨ ᠲᠤᠰᠬᠠᠢ | ᠮᠡᠷᠭᠡᠵᠢᠯᠳᠠᠨ ᠤ ᠪᠦᠯᠬᠦᠮ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ᠦᠢᠯᠡᠳᠤᠯ ᠢ ᠬᠦᠢᠴᠡᠳ | ᠪᠠᠳᠠᠷᠠᠭᠤᠯᠵᠤ᠂ ᠮᠡᠷᠭᠡᠵᠢᠯ ᠤᠨ ᠦᠢᠯᠡᠴᠢᠯᠡᠭᠡ ᠶᠢ ᠠᠵᠢᠯᠳᠠᠨ ᠤᠯᠠᠨ ᠲᠦᠮᠡᠨ ᠳᠤ ᠬᠦᠷᠭᠡᠨ᠂ ᠮᠡᠷᠭᠡᠵᠢᠯ ᠤᠨ | ᠦᠢᠯᠡᠴᠢᠯᠡᠭᠡᠨ ᠤ ︽ᠡᠴᠤᠰ ᠤᠨ ᠨᠢᠭᠡ ᠺᠢᠯᠥᠮᠧᠲᠷ︾ ᠢ ᠨᠡᠪᠳᠡᠷᠡᠬᠦᠯᠵᠤ᠂ ᠠᠮᠤ ᠪᠤᠳᠠᠭᠠᠨ ᠤ ᠡᠯᠪᠡᠭ ᠬᠤᠷᠢᠶᠠᠯᠳᠠ | ᠤᠯᠬᠤ ᠰᠠᠭᠤᠷᠢ ᠶᠢ ᠪᠠᠳᠤᠯᠠᠵᠤ ᠪᠠᠶᠢᠨ᠎ᠠ᠃ | ᠠᠵᠢᠯᠳᠠᠨ ᠤᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠪᠤᠷᠳᠤᠭᠤᠷ ᠬᠡᠷᠡᠭᠯᠡᠬᠦ ᠬᠢᠷᠢ ᠲᠦᠪᠰᠢᠨ ᠢ | ᠲᠡᠭᠡᠭᠰᠢᠯᠡᠬᠦᠯᠬᠦ ᠪᠠᠷ᠂ ᠬᠢᠩᠭᠠᠨ ᠠᠳᠠᠷ ᠬᠠᠭᠠᠯᠪᠤᠷᠢᠯᠠᠯᠳᠠ ᠶᠢᠨ ᠦᠢᠯᠡᠳᠪᠤᠷᠢᠯᠡᠯ ᠤᠨ ᠰᠠᠯᠠᠭ᠎ᠠ ᠮᠦᠴᠢᠷ ᠤᠨ | ᠮᠡᠷᠭᠡᠵᠢᠯᠳᠠᠨ ᠠᠴᠠ ᠲᠠᠷᠢᠶᠠᠨ ᠭᠠᠵᠠᠷ ᠢᠶᠠᠷ ᠬᠦᠨᠵᠡᠭᠡᠶᠢᠷᠡᠨ ᠬᠦᠷᠤᠰᠤ ᠰᠢᠷᠤᠢ ᠶᠢᠨ ᠬᠡᠪ ᠵᠠᠭᠪᠤᠷ ᠢ ᠴᠤᠭᠯᠠᠭᠤᠯᠵᠤ᠂ | ᠬᠦᠷᠤᠰᠤ ᠰᠢᠷᠤᠢ ᠶᠢᠨ ᠰᠢᠮ᠎ᠠ ᠲᠡᠵᠢᠭᠡᠯᠳᠤ ᠡᠳ᠋ ᠤᠨ ᠠᠭᠤᠯᠤᠭᠳᠠᠴᠠ ᠶᠢ ᠤᠶᠢᠯᠠᠭᠠᠨ᠂ ᠲᠠᠬᠢᠨ ᠠᠳᠠᠯᠢ ᠪᠤᠰᠤ | ᠲᠠᠷᠢᠮᠠᠯ ᠤᠨ ᠱᠠᠭᠠᠷᠳᠠᠯᠭ᠎ᠠ ᠶᠢ ᠦᠨᠳᠤᠰᠤᠯᠡᠨ ᠪᠤᠷᠳᠤᠭᠤᠷ ᠬᠡᠷᠡᠭᠯᠡᠬᠦ ᠲᠦᠰᠥᠪ ᠢ ᠲᠤᠭᠳᠠᠭᠠᠵᠤ᠂ ᠤᠨᠤᠴᠠᠳᠠᠢ ᠪᠠᠷ | ᠪᠤᠷᠳᠤᠭᠤᠷ ᠤᠷᠤᠭᠤᠯᠬᠤ ᠶᠢ ᠪᠡᠶᠡᠯᠡᠬᠦᠯᠪᠡ᠃ ᠡᠨᠡᠬᠦ ᠬᠦᠷᠤᠰᠤ ᠰᠢᠷᠤᠢ ᠶᠢ ᠬᠡᠮᠵᠢᠨ ᠪᠤᠷᠳᠤᠭᠤᠷ ᠤᠷᠤᠭᠤᠯᠬᠤ | ᠮᠡᠷᠭᠡᠵᠢᠯ ᠨᠢ ᠬᠢᠮᠢ ᠶᠢᠨ ᠪᠤᠷᠳᠤᠭᠤᠷ ᠢ ᠪᠠᠭᠠᠰᠬᠠᠬᠤ ᠠᠵᠢᠯ ᠢ ᠭᠤᠤᠯᠯᠠᠨ ᠠᠬᠢᠭᠤᠯᠬᠤ ᠮᠡᠷᠭᠡᠵᠢᠯ ᠪᠤᠯᠤᠭᠰᠠᠨ ᠢᠶᠠᠷ | ᠪᠠᠷᠠᠬᠤ ᠦᠭᠡᠢ ᠲᠠᠷᠢᠮᠠᠯ ᠤᠨ ᠤᠨᠠᠯᠳᠠ ᠶᠢ ᠪᠦᠳᠤᠮᠵᠢᠳᠠᠢ ᠲᠡᠭᠡᠭᠰᠢᠯᠡᠬᠦᠯᠵᠤ᠂ ᠠᠵᠢᠯᠳᠠᠨ ᠤᠯᠠᠨ ᠲᠦᠮᠡᠨ ᠤ | ᠤᠷᠤᠯᠭ᠎ᠠ ᠶᠢ ᠨᠡᠮᠡᠭᠳᠡᠬᠦᠯᠵᠤ ᠴᠢᠳᠠᠯ᠎ᠠ᠃ | ᠲᠠᠷᠢᠶᠠᠯᠠᠩ ᠤᠨ ᠮᠠᠰᠢᠨ ᠤ ᠲᠦᠬᠦᠭᠡᠷᠤᠮᠵᠢ ᠶᠢ ᠤᠶᠤᠨᠴᠢ ᠪᠠᠷ ᠲᠡᠰ ᠲᠡᠪᠰᠢᠬᠦᠯᠬᠦ ᠠᠴᠠ ᠰᠢᠨᠵᠢᠯᠡᠬᠦ | ᠤᠬᠠᠭᠠᠨ ᠮᠡᠷᠭᠡᠵᠢᠯ ᠤᠨ ᠪᠤᠯᠪᠠᠰᠤᠷᠠᠯ ᠦᠷᠨᠢᠬᠦᠯᠬᠦ ᠬᠦᠷᠳᠡᠯ᠎ᠠ ᠶᠠᠪᠤᠴᠠ ᠪᠦᠷᠢ ᠨᠢ ᠪᠦᠷ ᠰᠢᠨᠵᠢᠯᠡᠬᠦ ᠤᠬᠠᠭᠠᠨ ᠤ | ᠬᠦᠴᠤᠨ ᠢ ᠢᠯᠡᠷᠡᠬᠦᠯᠤᠨ᠎ᠠ᠃ ᠲᠤᠰ ᠰᠢᠷᠢᠰ ᠠᠵᠢᠯᠯᠠᠭ᠎ᠠ ᠨᠢ ᠬᠠᠪᠤᠷ ᠤᠨ ᠲᠠᠷᠢᠶᠠᠯᠠᠭ᠎ᠠ ᠦᠢᠯᠡᠳᠪᠤᠷᠢᠯᠠᠯ ᠤᠨ ᠦᠷ᠎ᠠ | ᠠᠰᠢᠭ ᠪᠠ ᠶᠠᠰᠤ ᠴᠢᠨᠠᠷ ᠢ ᠲᠡᠭᠡᠭᠰᠢᠯᠡᠬᠦᠯᠥᠭᠰᠡᠨ ᠢᠶᠠᠷ ᠪᠠᠷᠠᠬᠤ ᠦᠭᠡᠢ ᠲᠠᠷᠢᠶᠠᠯᠠᠩ ᠤᠨ ᠦᠷᠬᠦᠯᠵᠢᠯᠡᠬᠦ᠋ᠴᠠ | ᠬᠦᠭᠵᠢᠯᠳᠠ ᠳᠤ ᠰᠢᠨ᠎ᠠ ᠬᠦᠳᠡᠯᠭᠡᠭᠴᠢ ᠬᠦᠴᠤᠨ ᠬᠠᠩᠭᠠᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠠᠶᠢᠴᠢᠯᠠᠭ᠎ᠠ ᠲᠤᠤᠷ᠎ᠠ᠂ ᠬᠢᠩᠭᠠᠨ ᠠᠳᠠᠷ ᠬᠠᠭᠠᠯᠪᠤᠷᠢᠯᠠᠯᠳᠠ ᠨᠢ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ | ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠨ᠎ᠠ᠃ ᠴᠤᠯᠮᠤᠨ ᠸᠠᠩ ᠫᠢᠩ ᠮᠡᠳᠡᠭᠡᠯᠡᠪᠡ | | | | | |