ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠪᠠᠶᠢᠴᠠᠭᠠᠨ ᠳᠤᠳᠤᠯᠠᠬᠤ ᠰᠠᠯᠠᠭ᠎ᠠ ISO15189 ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠬᠢᠨᠠᠨ ᠳᠤᠬᠳᠠᠭᠠᠯᠳᠠ ᠶᠢ ᠥᠩᠭᠡᠷᠡᠪᠡ
ᠨᠡᠶᠢᠲᠡᠯᠡᠭᠰᠡᠨ ᠴᠠᠭ᠄
2025/6/3
        5 ᠰᠠᠷ᠎ᠠ ᠶᠢᠨ 23 ᠠᠴᠠ 25 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠬᠢᠷᠢ ᠳᠠᠩᠴᠡᠬᠦ ᠪᠠᠷᠢᠮᠵᠢᠶ᠎ᠠ ᠶᠢ ᠳᠤᠬᠳᠠᠭᠠᠬᠤ ᠤᠯᠤᠰ ᠤᠨ ᠵᠥᠪᠰᠢᠶᠡᠷᠡᠬᠦ ᠵᠥᠪᠯᠡᠯ ︵CNAS︶ ᠤᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠬᠢᠩᠭᠠᠨ ᠠᠶᠢᠮᠠᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠪᠠᠶᠢᠴᠠᠭᠠᠨ ᠳᠤᠳᠤᠯᠠᠬᠤ ᠰᠠᠯᠠᠭ᠎ᠠ ᠳᠤ ISO15189 ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠬᠢᠪᠠ᠃ ᠲᠣᠰ ᠤᠳᠠᠭᠠᠨ ᠤ ᠬᠢᠨᠠᠨ ᠲᠣᠭᠲᠠᠭᠠᠯᠲᠠ ᠨᠢ ︽CNAS-CL02᠄ 2023︾ ᠰᠢᠨ᠎ᠡ ᠬᠡᠪᠯᠡᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠤ ᠳᠠᠷᠠᠭᠠᠬᠢ ᠠᠩᠬ᠎ᠠ ᠤᠳᠠᠭᠠᠨ ᠤ ᠬᠢᠨᠠᠨ ᠲᠣᠭᠲᠠᠭᠠᠯᠲᠠ ᠪᠤᠯᠬᠤ ᠶᠤᠮ᠂ ᠬᠢᠨᠭ᠍ᠭᠠᠨ ᠠᠶᠢᠮᠠᠬ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠶᠢᠴᠠᠭᠠᠨ ᠳᠤᠳᠤᠯᠠᠬᠤ ᠰᠠᠯᠠᠭ᠎ᠠ ᠨᠢ ᠲᠤᠰᠬᠠᠶ ᠮᠡᠷᠭᠡᠵᠢᠯᠲᠡᠳ ᠤᠨ ᠲᠦᠪ ᠴᠢᠩᠭ᠎ᠠ᠂ ᠪᠥᠬᠦ ᠲᠠᠯ᠎ᠠ ᠶᠢᠨ᠂ ᠨᠠᠷᠢᠨ ᠨᠢᠮᠪᠠᠶ ᠲᠤᠬᠠᠶ ᠶᠢᠨ ᠲᠠᠯᠠᠪᠤᠷ ᠤᠨ ᠬᠢᠨᠠᠨ ᠲᠣᠭᠲᠠᠭᠠᠯᠲᠠ ᠪᠠ ᠬᠢᠨᠠᠨ ᠪᠠᠶᠢᠴᠠᠭᠠᠯᠲᠠ ᠶᠢ ᠤᠬᠳᠤᠵᠦ᠂ ᠰᠢᠨ᠎ᠡ ᠬᠡᠪᠯᠡᠯ ᠤᠨ ISO15189 ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠬᠢᠨᠠᠨ ᠳᠤᠬᠳᠠᠭᠠᠯᠳᠠ ᠶᠢ ᠤᠷᠤᠭᠰᠢᠲᠠᠶ ᠦᠩᠭᠡᠷᠡᠬᠦᠯᠪᠡ᠃        ᠲᠣᠰ ᠤᠳᠠᠭᠠᠨ ᠤ ᠬᠢᠨᠠᠨ ᠲᠣᠭᠲᠠᠭᠠᠯᠲᠠ ᠳᠤ ᠰᠢᠨ᠎ᠡ ᠬᠡᠪᠯᠡᠯ ᠤᠨ CNAS ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠪᠠᠷᠢᠮᠵᠢᠶ᠎ᠠ ᠵᠢᠴᠢ ᠬᠡᠷᠡᠭᠯᠡᠭᠡᠨ ᠤ ᠱᠠᠭᠠᠷᠳᠠᠯᠭ᠎ᠠ ᠵᠡᠷᠭᠡ ᠶᠢ ᠦᠨᠳᠦᠰᠦᠯᠡᠨ᠂ ᠬᠢᠨᠭ᠍ᠭᠠᠨ ᠠᠶᠢᠮᠠᠬ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠶᠢᠴᠠᠭᠠᠨ ᠳᠤᠳᠤᠯᠠᠬᠤ ᠰᠠᠯᠠᠭᠠᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠤᠨ ᠠᠵᠢᠯᠯᠠᠭᠠᠨ ᠤ ᠪᠠᠶᠢᠳᠠᠯ ᠵᠢᠴᠢ ᠮᠡᠷᠭᠡᠵᠢᠯ ᠤᠨ ᠴᠢᠳᠠᠪᠤᠷᠢ ᠵᠡᠷᠭᠡ ᠶᠢ ᠪᠥᠬᠦ ᠲᠠᠯ᠎ᠠ ᠪᠠᠷ᠂ ᠰᠢᠰᠲ᠋ᠧᠮ ᠲᠠᠢ ᠬᠢᠨᠠᠨ ᠬᠠᠷᠭᠤᠭᠤᠯᠪᠠ᠃ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠢ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 302 ᠡᠮᠨᠡᠯᠭᠡ ᠶᠢᠨ ᠬᠤᠷᠢᠶᠠᠨ ᠤ ᠪᠠᠶᠢᠴᠠᠭᠠᠨ ᠳᠤᠳᠤᠯᠠᠬᠤ ᠠᠨᠠᠭᠠᠬᠤ ᠤᠬᠠᠭᠠᠨ ᠤ ᠲᠥᠪ᠂ ᠪᠡᠭᠡᠵᠢᠩ ᠶᠡᠭᠡ ᠰᠤᠷᠭᠠᠭᠤᠯᠢ ᠶᠢᠨ ᠬᠠᠷᠢᠶᠠᠳᠤ ᠭᠤᠷᠪᠠᠳᠤᠭᠠᠷ ᠡᠮᠨᠡᠯᠭᠡ ᠶᠢᠨ ᠬᠤᠷᠢᠶ᠎ᠠ᠂ ᠭᠢᠷᠢᠨ ᠶᠡᠭᠡ ᠰᠤᠷᠭᠠᠭᠤᠯᠢ ᠶᠢᠨ ᠬᠠᠷᠢᠶᠠᠳᠤ ᠨᠢᠭᠡᠳᠦᠭᠡᠷ ᠡᠮᠨᠡᠯᠭᠡ ᠶᠢᠨ ᠬᠤᠷᠢᠶ᠎ᠠ᠂ ᠬᠥᠬᠡᠨᠠᠭᠤᠷ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠪᠠᠶᠠᠨᠨᠠᠭᠤᠷ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠠᠴᠠ ᠢᠷᠡᠭᠰᠡᠨ ᠨᠠᠷ᠎ᠠ ᠬᠦᠨᠳᠦᠳᠦ 5 ᠲᠤᠰᠬᠠᠶ ᠮᠡᠷᠭᠡᠵᠢᠯᠲᠡᠨ ᠢᠶᠠᠷ ᠪᠦᠷᠢᠯᠳᠦᠵᠡᠶ᠃        ᠬᠢᠨᠠᠨ ᠲᠣᠭᠲᠠᠭᠠᠬᠤ ᠳᠤᠭᠤᠶᠢᠯᠠᠩ ᠤᠨ ᠲᠤᠰᠬᠠᠶ ᠮᠡᠷᠭᠡᠵᠢᠯᠲᠡᠳ ᠬᠢᠨᠭ᠍ᠭᠠᠨ ᠠᠶᠢᠮᠠᠬ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠶᠢᠴᠠᠭᠠᠨ ᠳᠤᠳᠤᠯᠠᠬᠤ ᠰᠠᠯᠠᠭ᠎ᠠ ᠶᠢᠨ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ᠂ ᠶᠠᠰᠤ ᠴᠢᠨᠠᠷ ᠪᠠ ᠮᠡᠷᠭᠡᠵᠢᠯ ᠤᠨ ᠬᠢᠷᠢ ᠲᠦᠪᠰᠢᠨ᠂ ᠡᠮᠴᠢ ᠠᠵᠢᠯᠲᠠᠨ ᠤ ᠬᠡᠪ ᠴᠢᠨᠠᠷ᠂ ᠦᠢᠯᠡᠴᠢᠯᠡᠭᠡᠨ ᠤ ᠴᠢᠳᠠᠪᠤᠷᠢ ᠂ ᠠᠮᠢᠳᠤ ᠪᠣᠳᠠᠰ ᠤᠨ ᠠᠮᠤᠷ ᠲᠦᠪᠰᠢᠨ᠂ ᠲᠤᠷᠰᠢᠯᠲᠠ ᠶᠢᠨ ᠲᠠᠰᠤᠭ ᠤᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠲᠠᠯ᠎ᠠ ᠪᠠᠷ ᠨᠠᠷᠢᠨ ᠬᠢᠨᠠᠮᠠᠭᠠᠶ ᠪᠠᠶᠢᠴᠠᠭᠠᠯᠲᠠ ᠬᠢᠬᠦ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠵᠢᠷᠤᠮᠵᠢᠭᠰᠠᠨ ᠬᠠᠮᠢᠶᠠᠷᠤᠯᠲᠠ᠂ ᠴᠢᠳᠠᠪᠤᠷᠢ ᠶᠢᠨ ᠪᠠᠶᠢᠭᠤᠯᠤᠯᠲᠠ ᠵᠢᠴᠢ ᠤᠯᠠᠮ ᠨᠢᠭᠡ ᠠᠯᠬᠤᠮ ᠰᠠᠶᠢᠵᠢᠷᠠᠭᠤᠯᠬᠤ ᠰᠠᠨᠠᠯ ᠰᠠᠨᠠᠭᠤᠯᠭ᠎ᠠ ᠳᠠᠪᠰᠢᠬᠦᠯᠵᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠃        ISO 15189 ᠪᠣᠯ ᠠᠨᠠᠭᠠᠬᠤ ᠤᠬᠠᠭᠠᠨ ᠤ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ ᠴᠢᠳᠠᠪᠤᠷᠢ ᠶᠢ ᠮᠡᠳᠡᠷᠡᠬᠦ ᠤᠯᠠᠨ ᠤᠯᠤᠰ ᠤᠨ ᠪᠠᠷᠢᠮᠵᠢᠶ᠎ᠠ ᠪᠠᠶᠢᠵᠤ᠂ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠶᠢᠨ ᠬᠢᠷᠢ ᠲᠦᠪᠰᠢᠨ ᠪᠠ ᠮᠡᠷᠭᠡᠵᠢᠯ ᠤᠨ ᠴᠢᠳᠠᠪᠤᠷᠢ ᠶᠢ ᠵᠢᠷᠤᠮᠵᠢᠭᠤᠯᠬᠤ᠂ ᠣᠯᠠᠨ ᠤᠯᠤᠰᠴᠢᠯᠠᠬᠤ᠂ ᠪᠠᠷᠢᠮᠵᠢᠶᠠᠵᠢᠭᠤᠯᠬᠤ ᠲᠡᠶᠢᠰᠢ ᠬᠠᠨᠳᠤᠭᠤᠯᠬᠤ ᠶᠢᠨ ᠴᠢᠬᠤᠯᠠ ᠪᠡᠯᠭᠡ ᠲᠡᠮᠳᠡᠭ ᠮᠥᠨ᠃ ᠬᠢᠨᠭ᠍ᠭᠠᠨ ᠠᠶᠢᠮᠠᠬ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠪᠠᠶᠢᠴᠠᠭᠠᠨ ᠳᠤᠳᠤᠯᠠᠬᠤ ᠰᠠᠯᠠᠭ᠎ᠠ ᠨᠢ ᠡᠨᠡᠬᠦ ᠬᠢᠨᠠᠨ ᠳᠤᠬᠳᠠᠭᠠᠯᠳᠠ ᠪᠠᠷ ᠠᠵᠠ ᠲᠣᠬᠢᠶᠠᠯ ᠪᠣᠯᠭᠠᠵᠤ᠂ ︽ᠰᠢᠨᠵᠢᠯᠡᠬᠦ ᠤᠬᠠᠭᠠᠨᠴᠢ ᠲᠥᠪ ᠭᠤᠣᠯᠴᠢ᠂ ᠣᠨᠣᠪᠴᠢᠲᠠᠢ ᠴᠠᠭ ᠲᠤᠬᠠᠢ ᠳᠤᠨᠢ᠂ ᠴᠢᠨᠠᠷ ᠰᠠᠶᠢᠲᠠᠢ ᠦᠢᠯᠡᠴᠢᠯᠡᠭᠡ᠂ ᠬᠥᠭᠵᠢᠯᠲᠡ ᠶᠢ ᠠᠬᠢᠭᠤᠯᠬᠤ︾ ᠴᠢᠭᠯᠡᠯᠲᠡ ᠶᠢ ᠢᠮᠠᠭᠲᠠ ᠪᠠᠷᠢᠮᠲᠠᠯᠠᠵᠤ᠂ ISO15189 ᠪᠠᠷᠢᠮᠵᠢᠶ᠎ᠠ ᠶᠢᠨ ᠬᠠᠮᠢᠶᠠᠷᠤᠯᠲᠠ ᠪᠠ ᠮᠡᠷᠭᠡᠵᠢᠯ ᠢ ᠰᠠᠯᠠᠭ᠎ᠠ ᠲᠠᠰᠤᠭ ᠤᠨ ᠡᠳᠦᠷ ᠲᠤᠳᠤᠮ ᠤᠨ ᠠᠵᠢᠯ ᠳᠠᠭᠠᠨ ᠨᠠᠶᠢᠳᠠᠪᠤᠷᠢᠵᠢᠭᠤᠯᠵᠦ᠂ ᠮᠡᠷᠭᠡᠵᠢᠯ ᠤᠨ ᠴᠢᠳᠠᠪᠤᠷᠢ ᠪᠠ ᠶᠠᠰᠤ ᠴᠢᠨᠠᠷ ᠤᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠴᠢᠯᠡᠭᠡ ᠵᠢᠴᠢ ᠡᠪᠡᠳᠴᠢᠲᠡᠨ ᠳᠤ ᠨᠡᠩ ᠥᠨᠳᠥᠷ ᠬᠢᠷᠢ ᠲᠦᠪᠰᠢᠨ᠂ ᠨᠡᠩ ᠥᠨᠳᠥᠷ ᠪᠠᠷᠢᠮᠵᠢᠶ᠎ᠠ᠂ ᠨᠡᠩ ᠴᠢᠨᠠᠷ ᠰᠠᠶᠢᠲᠠᠢ ᠪᠠᠶᠢᠴᠠᠭᠠᠨ ᠳᠤᠳᠤᠯᠠᠬᠤ ᠦᠢᠯᠡᠴᠢᠯᠡᠭᠡ ᠬᠠᠩᠭᠠᠨ᠎ᠠ ᠃ ︵ᡁᠢ ᠮᠢᠨ ᠺᠠᠨᠭ᠌ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号