| ᠲᠦᠷᠥᠬᠦᠭᠡᠨ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ ᠪᠣᠳᠠᠰ ᠤᠨ | ᠪᠤᠰᠤ ᠰᠣᠶᠣᠯ ᠤᠨ ᠥᠪ ᠤᠨ ᠦᠵᠡᠬᠦᠯᠭᠡ ᠡᠷᠬᠢᠯᠡᠨ᠂ 100 ᠭᠠᠷᠤᠢ ᠪᠦᠳᠥᠭᠡᠯ ᠢ ᠳᠡᠯᠭᠡᠨ ᠦᠵᠡᠬᠦᠯᠵᠤ᠂ | ᠬᠦᠷᠥᠯᠴᠡᠨ ᠢᠷᠡᠭᠰᠡᠳ ᠲᠤ ᠪᠤᠳᠠᠰ ᠤᠨ ᠪᠤᠰᠥ ᠰᠤᠶᠤᠯ ᠤᠨ ᠦᠪ ᠤᠨ ᠷᠢᠳᠢ ᠰᠢᠳᠢ ᠶᠢ ᠭᠠᠶᠢᠬᠠᠭᠤᠯᠤᠭᠰᠠᠨ | ᠪᠠᠶᠢᠨ᠎ᠠ᠃ ᠡᠭᠦᠨ ᠤ ᠳᠣᠲᠣᠷ᠎ᠠ᠂ ︽ᠬᠠᠶᠢᠷ᠎ᠠ ᠰᠢᠩᠭᠡᠭᠰᠡᠨ ᠬᠢᠨᠭ᠍ᠭᠠᠨ︾ ᠭᠡᠬᠦ ᠴᠠᠭᠠᠰᠤᠨ ᠬᠠᠶᠢᠴᠢᠯᠠᠮᠠᠯ ᠤᠨ | ᠪᠦᠲᠦᠭᠡᠯ ᠨᠢ ᠬᠥᠮᠦᠰ ᠤᠨ ᠠᠩᠬᠠᠷᠤᠯ ᠢ ᠣᠨᠴᠠᠭᠠᠢ ᠲᠠᠲᠠᠵᠤ᠂ ᠲᠤᠰ ᠪᠦᠲᠦᠭᠡᠯ ᠨᠢ ᠣᠷᠳᠣ ᠨᠢ 17 ᠮᠧᠲᠷ᠂ | ᠦᠷᠭᠡᠨ ᠨᠢ 1 ᠮᠧᠲᠷ᠂ ︽ᠠᠭᠤᠯᠠ ᠲᠠᠢ ᠬᠤᠯᠪᠤᠭᠠᠯᠠᠵᠤ᠂ ᠤᠰᠤ ᠲᠠᠢ ᠬᠤᠯᠪᠤᠭᠠᠯᠡᠵᠤ᠂ ᠬᠢᠩᠭᠠᠨ ᠠᠶᠢᠮᠠᠬ ᠲᠠᠢ | ᠬᠤᠯᠪᠤᠭᠠᠯᠠᠬᠤ︾ ᠵᠢᠭᠤᠯᠴᠢᠯᠠᠯ ᠤᠨ ᠳᠦᠷᠢ ᠲᠥᠷᠬᠦ ᠶᠢ ᠲᠤᠰ ᠪᠦᠳᠥᠭᠡᠯ ᠳᠤ ᠪᠠᠨ ᠠᠭᠤᠰᠤᠯᠴᠠᠭᠤᠯᠵᠤ᠂ ᠬᠢᠩᠭᠠᠨ | ᠠᠶᠢᠮᠠᠭ ᠤᠨ ᠵᠢᠷᠭᠤᠭᠠᠨ ᠬᠤᠰᠢᠭᠤ ᠰᠢᠶᠠᠨ ᠬᠤᠲᠠ ᠶᠢᠨ ᠦᠵᠡᠮᠵᠢ ᠶᠢᠨ ᠣᠷᠣᠨ ᠵᠡᠷᠭᠡ ᠶᠢ ᠬᠥᠮᠦᠰ ᠤᠨ ᠨᠢᠳᠦᠨ | ᠡᠮᠦᠨ᠎ᠡ ᠠᠮᠢᠳᠤᠯᠢᠭ ᠢᠶᠠᠷ ᠢᠯᠡᠷᠡᠭᠦᠯᠪᠡ᠃ | ᠲᠤᠰ ᠦᠵᠡᠬᠦᠯᠭᠡ ᠳᠤ᠂ ᠲᠣᠭᠤᠰ ᠤᠨ ᠦᠳᠥ ᠪᠠᠷ ᠬᠢᠭᠰᠡᠨ ᠵᠠᠰᠠᠯ ᠴᠢᠮᠡᠭ ᠤᠨ ᠡᠳ᠋ ᠵᠡᠷᠭᠡ ᠨᠢ ᠮᠦᠨ | ᠬᠦᠷᠥᠯᠴᠡᠨ ᠢᠷᠡᠭᠰᠠᠳ ᠤᠨ ᠠᠩᠬᠠᠷᠤᠯ ᠢ ᠳᠠᠳᠠᠵᠤ ᠪᠠᠶᠢᠪᠠ᠃ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠵᠧᠦ ᠬᠠᠢ ᠶᠠᠨ ᠪᠦ᠋ᠳᠤᠬᠡᠯ ᠤᠨ ᠬᠠᠵᠠᠭᠤ ᠳᠠᠭᠠᠨ ᠵᠤᠬᠰᠤᠵᠤ | ᠪᠦᠳᠥᠭᠡᠯ ᠤᠳ ᠢᠶᠠᠨ ᠲᠠᠨᠢᠯᠴᠠᠭᠤᠯᠵᠤ ᠪᠠᠶᠢᠯ᠎ᠠ᠃ ᠲᠡᠷᠡ 2016 ᠣᠨ ᠠᠴᠠ ᠡᠬᠢᠯᠡᠨ᠂ ᠬᠢᠩᠭᠠᠨ ᠠᠶᠢᠮᠠᠭ ᠤᠨ | ᠡᠯ᠎ᠡ ᠭᠠᠵᠠᠷ ᠲᠤ ᠰᠦᠢᠳᠭᠡᠯ ᠬᠤᠷᠢᠶᠠᠬᠤ ᠦᠭᠡᠢ ᠪᠠᠷ ᠳᠤᠭᠤᠰ ᠤᠨ ᠦᠳᠥ ᠪᠠᠷ ᠭᠠᠷ ᠤᠷᠠᠯᠠᠯ ᠤᠨ ᠪᠦᠲᠦᠭᠡᠭᠳᠡᠬᠦᠨ | ᠦᠢᠯᠡᠳᠬᠦ ᠪᠣᠯᠪᠠᠰᠤᠷᠠᠯ ᠤᠨ ᠠᠩᠬᠢ ᠡᠷᠬᠢᠯᠡᠵᠤ᠂ ᠮᠠᠰᠢ ᠤᠯᠠᠨ ᠬᠥᠳᠡᠭᠡ ᠲᠣᠰᠬᠤᠨ ᠤ ᠡᠮᠡᠭᠲᠡᠶᠢᠴᠦᠳ ᠪᠣᠯᠤᠨ | ᠵᠡᠮᠳᠡᠭᠴᠤᠳ ᠲᠤ ᠠᠵᠢᠯ ᠣᠯᠭᠤᠵᠤ ᠣᠷᠣᠯᠭ᠎ᠠ ᠪᠠᠨ ᠨᠡᠮᠡᠭᠳᠡᠬᠦᠯᠬᠦ ᠳᠠᠪᠴᠠᠩ ᠬᠠᠨᠭ᠍ᠭᠠᠵᠤ ᠦᠭᠴᠡᠢ᠃ | ᠤᠯᠠᠨ ᠵᠢᠯ ᠤᠨ ᠲᠤᠷᠰᠢ᠂ ᠤᠯᠠᠭᠠᠨᠬᠤᠲᠠ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠥᠷᠥᠯ ᠵᠦᠢᠯ ᠢ ᠬᠠᠮᠠᠭᠠᠯᠠᠨ ᠬᠦᠭᠵᠢᠬᠦᠯᠵᠤ᠂ ᠪᠤᠳᠠᠰ ᠤᠨ ᠪᠤᠰᠥ ᠰᠣᠶᠣᠯ ᠢ ᠤᠯᠠᠮᠵᠢᠯᠠᠨ | ᠵᠠᠯᠭᠠᠮᠵᠢᠯᠠᠬᠴᠢ ᠰᠢᠨ᠎ᠡ ᠶᠢ ᠡᠭᠦᠳᠬᠦ ᠶᠢ ᠪᠠᠷᠢᠮᠳᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠲᠥᠷᠥᠯ ᠵᠦᠢᠯ ᠢᠶᠠᠷ ᠤᠯᠠᠭᠠᠨᠬᠤᠲᠠ ᠶᠢᠨ ᠭᠤᠶᠤ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠨᠡᠷ᠎ᠡ ᠶᠢᠨ | ᠬᠠᠭᠤᠳᠠᠰᠤ ᠪᠣᠯᠭᠠᠪᠠ᠃ ᠣᠳᠣᠬᠠᠨ ᠪᠣᠯᠲᠠᠯ᠎ᠠ᠂ ᠤᠯᠠᠭᠠᠨᠬᠤᠲᠠ ᠳᠤ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ 129᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠦᠪᠯᠠᠨ ᠤᠯᠠᠮᠵᠢᠯᠠᠭᠴᠢ 214 ᠬᠥᠮᠦᠨ ᠪᠠᠶᠢᠵᠤ᠂ ᠡᠳᠡᠭᠡᠷ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠦᠪᠯᠠᠨ ᠤᠯᠠᠮᠵᠢᠯᠠᠭᠴᠢ ᠬᠥᠳᠡᠭᠡ ᠲᠣᠰᠬᠤᠨ᠂ ᠨᠡᠶᠢᠭᠡᠮ ᠲᠣᠭᠤᠷᠢᠭ ᠵᠢᠴᠢ ᠰᠤᠷᠭᠠᠭᠤᠯᠢ ᠪᠠᠷ | ᠭᠦᠨᠵᠡᠭᠡᠶᠢᠷᠡᠵᠦ᠂ ᠴᠠᠭᠠᠰᠥᠨ ᠬᠠᠶᠢᠴᠢᠯᠠᠮᠠᠯ᠂ ᠤᠷᠠᠨ ᠬᠠᠳᠬᠤᠮᠠᠯ᠂ ᠲᠦᠷᠪᠡᠨ ᠤᠳᠠᠰᠥᠳᠥ ᠬᠤᠭᠤᠷ᠂ ᠠᠷᠠᠳ ᠤᠨ | ᠳᠠᠭᠤᠤ ᠵᠡᠷᠭᠡ ᠤᠯᠠᠨ ᠲᠦᠷᠥᠯ ᠤᠨ ᠪᠤᠳᠠᠰ ᠤᠨ ᠪᠤᠰᠥ ᠰᠤᠶᠤᠯ ᠤᠨ ᠦᠪ ᠢ ᠤᠯᠠᠮ ᠰᠠᠶᠢᠨ ᠤᠯᠠᠮᠵᠢᠯᠠᠨ | ᠬᠦᠭᠵᠢᠬᠦᠯᠵᠤ᠂ ᠨᠡᠩ ᠤᠯᠠᠨ ᠬᠦᠮᠥᠰ ᠲᠤ ᠡ᠊ᠨᠡᠬᠦ ᠤᠯᠳᠠᠰᠢ ᠦᠬᠡᠢ ᠨᠠᠨᠳᠢᠨ ᠦᠪ ᠰᠤᠶᠤᠯ ᠢ ᠤᠶᠢᠯᠠᠭᠠᠭᠤᠯᠵᠤ | ᠲᠠᠨᠢᠭᠤᠯᠤᠭᠰᠠᠨ ᠪᠠᠶᠢᠨ᠎ᠠ᠃ | ︽ᠡᠳᠡᠭᠡᠷ ᠴᠠᠭᠠᠰᠤᠨ ᠬᠠᠶᠢᠴᠢᠯᠠᠮᠠᠯ ᠦᠨᠡᠬᠡᠷ ᠰᠠᠶᠢᠬᠠᠨ︕ ᠲᠤᠰ ᠤᠳᠠᠭᠠᠨ ᠤ ᠦᠵᠡᠬᠦᠯᠭᠡ ᠨᠢ | ᠪᠢᠳᠡᠨ ᠢ ᠴᠠᠭᠠᠰᠤᠨ ᠬᠠᠶᠢᠴᠢᠯᠠᠮᠠᠯ ᠤᠨ ᠤᠷᠠᠯᠢᠭ ᠲᠠᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠪᠠᠰᠠ ᠡᠨᠡ ᠬᠦ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠣᠶᠢᠯᠠᠭᠠᠭᠤᠯᠵᠠᠢ︾ ᠭᠡᠵᠤ | ᠤᠯᠠᠭᠠᠨᠬᠤᠲᠠ ᠶᠢᠨ ᠰᠠᠭᠤᠭᠠᠯᠢ ᠠᠷᠠᠳ ᠯᠢ ᠰᠢᠶᠥᠥ ᠵᠢᠶᠧ ᠴᠠᠭᠠᠰᠤᠨ ᠬᠠᠶᠢᠴᠢᠯᠠᠮᠠᠯ ᠤᠨ ᠦᠵᠡᠬᠦᠯᠭᠡ ᠶᠢ | ᠦᠵᠡᠭᠰᠡᠨ ᠤ ᠳᠠᠷᠠᠭᠠᠬᠢ ᠲᠦᠷᠥᠭᠳᠡᠯ ᠢᠶᠠᠨ ᠶᠠᠷᠢᠵᠤ ᠪᠠᠶᠢᠯ᠎ᠠ᠃ ︵ᠱᠤᠸᠠᠩ ᠴᠢᠤᠸᠠᠨ︶ |