ᠤᠯᠠᠭᠠᠨᠬᠤᠳᠠ ᠶᠢᠨ ᠤᠢ ᠰᠢᠭᠤᠢ ᠬᠢᠭᠡᠳ ᠨᠤᠳᠤᠭ ᠪᠡᠯᠴᠢᠭᠡᠷ ᠤᠨ ᠲᠤᠪᠴᠢᠶ᠎ᠠ ᠨᠠᠶᠢᠯᠵᠠᠭᠤᠷ ᠬᠠᠷᠭᠠᠨ᠎ᠠ ᠲᠠᠷᠢᠬᠤ ᠡᠬᠦᠷᠭᠡ ᠪᠠᠨ ᠠᠮᠵᠢᠯᠳᠠᠳᠠᠢ ᠲᠠᠭᠤᠰᠬᠠᠵᠠᠢ
ᠨᠡᠶᠢᠲᠡᠯᠡᠭᠰᠡᠨ ᠴᠠᠭ᠄
2025/6/3
        ᠠᠮᠢ ᠠᠬᠤᠢ ᠶᠢ ᠰᠡᠷᠬᠦᠭᠡᠬᠦ ᠠᠵᠢᠯ ᠢ ᠲᠦᠷᠭᠡᠳᠭᠡᠨ᠂ ᠤᠷᠤᠨ ᠲᠤᠭᠤᠷᠢᠭ ᠤᠨ ᠠᠮᠢ ᠠᠬᠤᠢ ᠤᠷᠴᠢᠨ ᠲᠤᠭᠤᠷᠢᠨ ᠢ ᠰᠢᠯᠢᠳᠡᠭᠵᠢᠬᠦᠯᠬᠦ ᠪᠠᠷ᠂ ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠤᠢ ᠰᠢᠭᠤᠢ ᠬᠢᠭᠡᠳ ᠨᠤᠳᠤᠭ ᠪᠡᠯᠴᠢᠭᠡᠷ ᠤᠨ ᠲᠤᠪᠴᠢᠶ᠎ᠠ ᠠᠴᠠ ᠲᠤᠪᠴᠢᠶ᠎ᠠ ᠪᠠᠶᠢᠭᠤᠯᠭ᠎ᠠ᠂ ᠡᠯ᠎ᠠ ᠦᠷᠳᠡᠭᠡ ᠠᠯᠪᠠᠨ ᠭᠡᠷ᠂ ᠬᠢᠨᠠᠨ ᠪᠠᠶᠢᠴᠠᠭᠠᠬᠤ ᠪᠠᠳᠤᠯᠠᠭ᠎ᠠ ᠶᠢᠨ ᠲᠦᠪ᠂ ᠤᠯᠠᠭᠠᠨᠬᠠᠳᠠ ᠤᠢ ᠰᠢᠭᠤᠢ ᠶᠢᠨ ᠲᠠᠯᠠᠪᠠᠢ ᠵᠢᠴᠢ ᠪᠠᠶᠠᠨᠬᠤᠸᠠ ᠤᠢ ᠰᠢᠭᠤᠢ ᠶᠢᠨ ᠲᠠᠯᠠᠪᠠᠢ ᠶᠢᠨ 45 ᠺᠠᠳ᠋ᠷ ᠠᠵᠢᠯᠳᠠᠨ ᠢ ᠵᠤᠬᠢᠶᠠᠨ ᠪᠠᠶᠢᠭᠤᠯᠤᠨ᠂ 8 ᠠᠵᠢᠯᠯᠠᠬᠤ ᠲᠡᠷᠭᠡ ᠶᠢ ᠲᠤᠬᠢᠷᠠᠭᠤᠯᠵᠤ᠂ ᠭᠡᠭᠡᠨᠰᠦ᠋ᠮ᠎ᠠ ᠪᠠᠯᠭᠠᠰᠤᠨ ᠤ ᠠᠭᠤᠢ ᠠᠶᠢᠯ ᠭᠠᠴᠠᠭ᠎ᠠ ᠳᠤ ᠨᠠᠶᠢᠯᠵᠠᠭᠤᠷ ᠬᠠᠷᠭᠠᠨ᠎ᠠ ᠲᠡᠷᠢᠬᠤ ᠠᠵᠢᠯ ᠢ ᠦᠷᠨᠢᠬᠦᠯᠪᠡ᠃ 5 ᠴᠠᠭ ᠠᠵᠢᠯᠯᠠᠬᠤ ᠪᠠᠷ ᠲᠠᠮᠵᠢᠨ 214 ᠮᠤ᠋ ᠨᠠᠶᠢᠯᠵᠠᠭᠤᠷ ᠬᠠᠷᠭᠠᠨ᠎ᠠ ᠲᠠᠷᠢᠬᠤ ᠡᠬᠦᠷᠭᠡ ᠪᠠᠨ ᠠᠮᠵᠢᠯᠳᠠᠳᠠᠢ ᠲᠠᠭᠤᠰᠬᠠᠵᠤ᠂ ᠲᠤᠬᠠᠢ ᠶᠢᠨ ᠭᠠᠵᠠᠷ ᠤᠨ ᠠᠮᠢ ᠠᠬᠤᠢ ᠶᠢ ᠰᠡᠷᠬᠦᠭᠡᠬᠦ ᠠᠵᠢᠯ ᠢ ᠪᠦᠳᠤᠮᠵᠢᠳᠠᠢ ᠠᠬᠢᠭᠤᠯᠪᠠ᠃        ᠲᠠᠷᠢᠵᠤ ᠤᠷᠭᠤᠭᠤᠯᠬᠤ ᠶᠠᠰᠤ ᠴᠢᠨᠠᠷ ᠢ ᠪᠠᠳᠤᠯᠠᠬᠤ ᠪᠠᠷ᠂ ᠮᠡᠷᠭᠡᠵᠢᠯᠳᠠᠨ ᠠᠴᠠ ᠤᠷᠢᠳᠠᠪᠠᠷ ᠬᠢᠨᠠᠨ ᠪᠠᠶᠢᠴᠠᠭᠠᠯᠳᠠ ᠬᠢᠵᠤ᠂ ᠲᠤᠬᠠᠢ ᠶᠢᠨ ᠭᠠᠵᠠᠷ ᠲᠤ ᠲᠤᠬᠢᠷᠠᠬᠤ ᠨᠠᠶᠢᠯᠵᠠᠭᠤᠷ ᠬᠠᠷᠭᠠᠨ᠎ᠠ ᠶᠢᠨ ᠲᠦᠷᠤᠯ ᠵᠦᠢᠯ ᠢ ᠰᠢᠨᠵᠢᠯᠡᠬᠦ ᠤᠬᠠᠭᠠᠨᠴᠢ ᠪᠠᠷ ᠰᠤᠩᠭᠤᠪᠠ᠃ ᠠᠵᠢᠯᠯᠠᠬᠤ ᠬᠤᠭᠤᠴᠠᠭᠠᠨ ᠳᠤ᠂ ᠪᠦᠬᠦ ᠠᠵᠢᠯᠳᠠᠨ ᠬᠠᠮᠳᠤᠷᠠᠯᠴᠠᠨ ᠠᠵᠢᠯᠯᠠᠵᠤ᠂ 2 ᠬᠦᠮᠤᠨ ᠨᠢᠭᠡ ᠲᠤᠭᠤᠶᠢᠯᠠᠩ ᠬᠤᠪᠢᠶᠠᠨ ᠲᠦᠷᠢᠮᠵᠢᠬᠦᠨ ᠲᠡᠷᠢᠵᠤ ᠤᠷᠭᠤᠭᠤᠯᠤᠨ᠂ ᠲᠤᠰ ᠠᠵᠢᠯ ᠨᠢ ᠠᠵᠢᠯ ᠤᠨ ᠦᠷ᠎ᠠ ᠪᠦᠳᠤᠮᠵᠢ ᠪᠠ ᠲᠠᠷᠢᠵᠤ ᠤᠷᠭᠤᠭᠤᠯᠬᠤ ᠶᠠᠰᠤ ᠴᠢᠨᠠᠷ ᠢ ᠪᠠᠳᠤᠯᠠᠭᠰᠠᠨ ᠪᠠᠶᠢᠨ᠎ᠠ᠃ ᠲᠤᠰ ᠤᠳᠠᠭ᠎ᠠ ᠵᠠᠶᠢᠯᠠᠭᠰᠠᠨ ᠨᠠᠶᠢᠯᠵᠠᠭᠤᠷ ᠬᠠᠷᠭᠠᠨ᠎ᠠ ᠨᠢ ᠭᠠᠩ ᠬᠠᠭᠤᠷᠠᠢ ᠳᠤ ᠲᠡᠰᠪᠤᠷᠢᠳᠠᠢ᠂ ᠡᠯᠡᠰᠤ ᠶᠢ ᠲᠤᠭᠳᠠᠪᠤᠷᠢᠵᠢᠭᠤᠯᠬᠤ ᠵᠡᠷᠭᠡ ᠤᠨᠴᠠᠯᠢᠭ ᠲᠠᠢ ᠪᠠᠶᠢᠵᠤ᠂ ᠤᠷᠤᠨ ᠲᠤᠭᠤᠷᠢᠭ ᠤᠨ ᠠᠮᠢ ᠠᠬᠤᠢ ᠤᠷᠴᠢᠨ ᠲᠤᠭᠤᠷᠢᠨ ᠢ ᠪᠦᠳᠤᠮᠵᠢᠳᠠᠢ ᠰᠢᠯᠢᠳᠡᠭᠵᠢᠬᠦᠯᠤᠨ᠂ ᠲᠠᠷᠢᠮᠠᠯ ᠤᠨ ᠪᠦᠷᠬᠦᠴᠠ ᠶᠢᠨ ᠨᠤᠷᠮ᠎ᠠ ᠶᠢ ᠲᠡᠭᠡᠭᠰᠢᠯᠡᠬᠦᠯᠪᠡ᠃        ᠲᠤᠰ ᠤᠳᠠᠭᠠᠨ ᠤ ᠠᠵᠢᠯᠯᠠᠭ᠎ᠠ ᠨᠢ ᠤᠢ ᠰᠢᠭᠤᠢ ᠬᠢᠭᠡᠳ ᠨᠤᠳᠤᠭ ᠪᠡᠯᠴᠢᠭᠡᠷ ᠤᠨ ᠡᠩᠨᠡᠭᠡ ᠶᠢᠨ ᠬᠠᠮᠳᠤᠷᠠᠯᠴᠠᠵᠤ ᠠᠵᠢᠯᠯᠠᠬᠤ᠂ ᠬᠦᠴᠢᠷᠳᠠᠯ ᠢ ᠲᠤᠭᠤᠯᠬᠤ ᠲᠦᠷᠢ ᠲᠦᠷᠬᠦ ᠶᠢ ᠢᠯᠡᠷᠡᠬᠦᠯᠪᠡ᠃ ᠲᠤᠰ ᠲᠤᠪᠴᠢᠶ᠎ᠠ ᠦᠷᠬᠦᠯᠵᠢᠯᠡᠨ ᠠᠮᠢ ᠠᠬᠤᠢ ᠶᠢ ᠰᠡᠷᠬᠦᠭᠡᠬᠦ ᠬᠦᠴᠤᠯᠡᠴᠠ ᠪᠠᠨ ᠨᠡᠮᠡᠭᠳᠡᠬᠦᠯᠵᠤ᠂ ᠵᠢᠯ ᠤᠨ ᠬᠠᠷᠠᠯᠳᠠ ᠡᠬᠦᠷᠭᠡ ᠪᠠᠨ ᠴᠢᠨᠠᠷ ᠰᠠᠶᠢᠳᠠᠢ ᠪᠠᠷ ᠲᠠᠭᠤᠰᠬᠠᠬᠤ ᠶᠢ ᠪᠠᠳᠤᠯᠠᠨ᠂ ᠪᠦᠬᠦ ᠬᠤᠳᠠ ᠶᠢᠨ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠳᠤ ᠬᠤᠪᠢ ᠨᠡᠮᠡᠷᠢ ᠦᠵᠡᠬᠦᠯᠤᠨ᠎ᠠ᠃ ︵ᠴᠤᠯᠮᠤᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号