| 5 ᠰᠠᠷ᠎ᠠ ᠶᠢᠨ 30 ᠤ ᠡᠳᠦᠷ᠂ ᠤᠯᠠᠭᠠᠨᠬᠤᠲᠠ 2025 ᠣᠨ ᠤ ᠳᠡᠭᠡᠷ᠎ᠡ ᠬᠠᠭᠠᠰ ᠵᠢᠯ ᠤᠨ ᠪᠥᠬᠦ | ᠬᠤᠲᠠ ᠶᠢᠨ ᠠᠵᠤ ᠠᠬᠤᠶ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠭᠤᠯᠪᠠ᠃ ᠤᠯᠠᠭᠠᠨᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠢ ᠡᠷᠭᠢᠯᠡᠵᠦ ᠶᠠᠷᠢᠶ᠎ᠠ ᠲᠠᠯᠪᠢᠵᠠᠶ᠃ | | ᠬᠤᠷᠠᠯ ᠠᠴᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠳᠡᠭᠡᠷ᠎ᠡ ᠬᠠᠭᠠᠰ ᠵᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ | ᠲᠤᠭ᠎ᠠ ᠶᠢᠨ ᠵᠠᠳᠠᠯᠤᠯᠲᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ ᠣᠳᠣᠬᠠᠨ ᠤ ᠠᠵᠤ ᠠᠬᠤᠢ ᠶᠢᠨ | ᠪᠠᠶᠢᠳᠠᠯ ᠢ ᠪᠤᠰᠤᠳᠴᠢ ᠪᠠᠷ ᠵᠠᠳᠠᠯᠵᠤ᠂ ᠠᠮᠵᠢᠯᠲᠠ ᠪᠦᠲᠦᠮᠵᠢ ᠶᠢᠨ ᠳᠤᠮᠳᠠ ᠠᠴᠠ ᠢᠲᠡᠭᠡᠯ ᠵᠣᠷᠢᠭ ᠢ ᠣᠯᠵᠤ | ᠬᠠᠷᠠᠨ᠂ ᠡᠷᠴᠢ ᠵᠣᠷᠢᠭ ᠢᠶᠠᠨ ᠬᠥᠪᠴᠢᠯᠡᠵᠦ᠂ ᠠᠰᠠᠭᠤᠳᠠᠯ ᠤᠨ ᠳᠤᠮᠳᠠ ᠠᠴᠠ ᠪᠠᠭᠤᠷᠠᠢ ᠲᠠᠯ᠎ᠠ ᠪᠠ ᠬᠦᠴᠦᠯᠡᠬᠦ | ᠴᠡᠭ ᠢ ᠣᠯᠵᠤ᠂ ᠠᠷᠭ᠎ᠠ ᠪᠦᠬᠦᠨ ᠢ ᠰᠦᠪᠡᠭᠴᠢᠯᠡᠵᠦ ᠳᠡᠩᠷᠡ ᠬᠠᠭᠠᠰ ᠵᠢᠯ ᠤᠨ ᠬᠠᠷᠠᠯᠲᠠ ᠪᠠᠨ ᠳᠠᠪᠠᠭᠤᠯᠤᠨ | ᠪᠡᠶᠡᠯᠡᠭᠦᠯᠬᠦ ᠪᠠᠷ ᠪᠦᠬᠦ ᠬᠦᠴᠦᠨ ᠢᠶᠠᠷ ᠰᠠᠶᠢᠲᠤᠷ ᠴᠢᠷᠮᠠᠶᠢᠬᠤ ᠬᠡᠷᠡᠭᠲᠡᠢ᠃ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ | ᠤᠯᠬᠤ᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ ᠤᠨ ᠪᠠᠯᠠ ᠣᠷᠣᠭᠤᠯᠤᠯᠲᠠ ᠶᠢ ᠨᠢᠭᠡᠳᠦᠯᠲᠡᠶ ᠪᠦᠷᠢᠳᠬᠡᠯ ᠳᠤ | ᠣᠷᠣᠭᠤᠯᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ | ᠬᠡᠷᠡᠭᠵᠢᠭᠦᠯᠬᠦ ᠪᠠᠷ ᠪᠠᠶᠢᠭ᠎ᠠ ᠲᠥᠷᠥᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠪᠣᠳᠠᠲᠠᠶᠢᠵᠢᠭᠤᠯᠬᠤ ᠶᠢ ᠪᠥᠬᠦ | ᠬᠦᠴᠦᠨ ᠢᠶᠠᠷ ᠠᠬᠢᠭᠤᠯᠵᠤ᠂ ᠱᠠᠲᠤ ᠳᠠᠷᠠᠭᠠᠯᠠᠨ ᠠᠬᠢᠭᠤᠯᠬᠤ᠂ ᠬᠥᠳᠡᠯᠦᠩᠭᠦᠶ ᠪᠠᠷ ᠵᠣᠯᠭᠠᠭᠤᠯᠬᠤ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ︽ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ︾ ᠳᠤ ᠲᠦᠰᠢᠭᠯᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠪᠣᠯᠤᠨ | ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠳᠠᠭᠠᠭᠠᠴᠢᠯᠠᠨ ᠬᠤᠯᠪᠣᠭᠠᠯᠠᠬᠤ ᠦᠢᠯᠡᠴᠢᠯᠡᠭᠡ ᠶᠢ | ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ ᠦᠢᠯᠡᠳᠪᠦᠷᠢᠯᠡᠯ ᠤᠨ ᠬᠦᠴᠢᠷ | ᠠᠰᠠᠭᠤᠳᠠᠯ ᠢ ᠰᠢᠢᠳᠪᠦᠷᠢᠯᠡᠬᠦ ᠬᠡᠷᠡᠭᠲᠡᠶ᠃ ︽ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠪᠣᠯᠬᠤ | ᠪᠣᠯᠤᠯᠴᠠᠭ᠎ᠠ ᠲᠠᠢ︾ ᠪᠠ ︽ᠳᠡᠭᠡᠳᠦ ᠬᠢᠵᠠᠭᠠᠷ ᠲᠤ ᠬᠦᠷᠬᠦ ᠪᠠᠷ ᠲᠦᠯᠦᠪᠯᠡᠵᠦ ᠪᠠᠶᠢᠭ᠎ᠠ︾ ᠠᠵᠤ ᠠᠬᠤᠶᠢᠯᠠᠯ ᠢ | ᠬᠥᠭᠵᠢᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠠᠵᠤ ᠦᠢᠯᠡᠳᠪᠦᠷᠢ ᠶᠢᠨ ᠠᠵᠤ ᠠᠬᠤᠶ ᠳᠤ ᠰᠢᠨ᠎ᠡ | ᠬᠦᠴᠦᠨ ᠬᠠᠩᠭᠠᠬᠤ ᠬᠡᠷᠡᠭᠲᠡᠶ᠃ ᠡᠯ᠎ᠡ ᠠᠵᠢᠯ ᠲᠦᠷᠦᠯ ᠤᠨ ᠬᠢᠨ ᠤ ᠪᠠᠶᠠᠷ ᠤᠨ ᠡᠳᠦᠷ᠂ ᠵᠠᠩᠭᠢᠯᠠᠭ᠎ᠠ ᠶᠢᠨ ᠴᠡᠭ ᠢ | ᠠᠰᠢᠭᠯᠠᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠡᠷᠡᠭᠯᠡᠭᠡᠨ ᠤ ᠳᠠᠯᠳᠠ | ᠬᠦᠴᠦᠨ ᠢ ᠬᠥᠭᠵᠢᠭᠡᠬᠦ ᠬᠡᠷᠡᠭᠲᠡᠶ᠃ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠤᠯᠠᠨ | ᠬᠡᠯᠪᠡᠷᠢ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠰᠠᠶᠢᠲᠤᠷ ᠬᠢᠵᠦ᠂ ᠨᠡᠩ ᠤᠯᠠᠨ ᠵᠢᠭᠤᠯᠴᠢᠯᠠᠭᠰᠠᠳ ᠢ ᠲᠠᠲᠠᠵᠤ | ᠠᠪᠴᠢᠷᠠᠨ ᠵᠤᠭᠠᠴᠠᠭᠤᠯᠵᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠵᠡᠰᠬᠦᠯᠡᠩ ᠳᠤ ᠣᠷᠣᠯᠴᠠᠭᠤᠯᠵᠤ | ᠪᠣᠷᠣᠯᠠᠭᠤᠯᠭ᠎ᠠ ᠶᠢ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠦᠬᠦ | ᠬᠤᠳᠠ ᠪᠠᠷ ᠢᠶᠠᠨ ︽ᠨᠢᠭᠡ ᠬᠥᠯᠭᠡ ᠰᠢᠳᠠᠷ᠎ᠠ︾ ᠶᠢᠨ ᠦᠵᠡᠯ ᠰᠠᠨᠠᠭ᠎ᠠ ᠶᠢ ᠴᠢᠩᠭᠠᠳᠬᠠᠵᠤ᠂ ︽ᠠᠷᠠᠯᠵᠢᠶᠠᠴᠢᠨ | ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠬᠠᠷᠠᠯᠲᠠ ᠶᠢ | ᠰᠠᠶᠢᠲᠤᠷ ᠬᠢᠬᠦ ᠶᠢᠨ ᠲᠣᠭᠤᠷᠢᠨ ᠳᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ | ᠬᠠᠮᠵᠢᠯᠴᠠᠵᠤ᠂ ︽ᠭᠠᠳᠠᠭᠰᠢ ᠭᠠᠷᠬᠤ︾ ᠪᠠ ︽ᠤᠷᠢᠵᠤ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ | ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠠᠷᠭ᠎ᠠ ᠵᠠᠮ ᠢ ᠥᠷᠭᠡᠳᠬᠡᠵᠦ᠂ ᠰᠢᠯᠢᠳᠡᠭ ᠠᠵᠤ ᠠᠬᠤᠶᠢᠯᠠᠯ | ᠪᠣᠯᠤᠨ ᠰᠢᠯᠢᠳᠡᠭ ᠲᠦᠷᠦᠯ ᠵᠦᠢᠯ ᠢ ᠲᠠᠲᠠᠵᠤ᠂ ᠠᠷᠠᠯᠵᠢᠶᠠᠴᠢᠨ ᠤᠷᠢᠬᠤ ᠭᠦᠨ ᠵᠤᠵᠠᠭᠠᠨ ᠠᠭᠤᠷ ᠠᠮᠢᠰᠬᠤᠯ ᠢ | ᠪᠦᠬᠦ ᠬᠦᠴᠦᠨ ᠢᠶᠠᠷ ᠪᠤᠢ ᠪᠣᠯᠭᠠᠬᠤ ᠬᠡᠷᠡᠭᠲᠡᠢ᠃ ᠳᠡᠭᠡᠳᠦ ᠱᠠᠲᠤ ᠲᠠᠢ ᠵᠣᠯᠭᠠᠭᠤᠯᠬᠤ ᠠᠵᠢᠯ ᠢ ᠦᠷᠭᠦᠯᠵᠢᠯᠡᠨ | ᠴᠢᠩᠭᠠᠳᠬᠠᠵᠤ᠂ ᠲᠦᠷᠦ ᠶᠢᠨ ᠪᠣᠳᠤᠯᠭ᠎ᠠ ᠶᠢᠨ ᠤᠳᠤᠷᠢᠳᠤᠮᠵᠢ ᠶᠢᠨ ᠲᠣᠭᠤᠷᠢᠨ ᠳᠤ ᠣᠨᠤᠴᠢᠲᠠᠢ | ᠲᠦᠯᠦᠪᠵᠢᠭᠦᠯᠵᠦ᠂ ᠳᠡᠭᠡᠳᠦ ᠰᠠᠲᠤᠨ ᠤ ᠰᠠᠯᠠᠭ᠎ᠠ ᠮᠦᠴᠢᠷ ᠢᠶᠠᠷ ᠬᠦᠷᠴᠦ ᠬᠠᠷᠢᠯᠴᠠᠨ ᠵᠣᠬᠢᠴᠠᠭᠤᠯᠵᠤ᠂ ᠨᠠᠩ | ᠣᠯᠠᠨ ᠪᠠᠯᠠ ᠮᠥᠩᠭᠦ ᠣᠷᠣᠭᠤᠯᠬᠤ ᠪᠠ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠪᠥᠬᠦ ᠬᠦᠴᠦᠨ ᠢᠶᠠᠷ | ᠲᠡᠮᠡᠴᠡᠨ ᠤᠯᠬᠤ ᠬᠡᠷᠡᠭᠲᠡᠶ᠃ ᠡᠭᠦᠨ ᠤ ᠬᠠᠮᠲᠤ᠂ ᠡᠳ᠋ ᠤᠨ ᠵᠠᠰᠠᠭ ᠤᠨ ᠬᠤᠷᠢᠶᠠᠪᠠᠰᠤ ᠵᠣᠬᠢᠬᠤ ᠲᠠᠩᠰᠠᠨ ᠵᠣᠭᠤᠰ ᠢ | ᠢᠯᠭᠠᠷᠠᠭᠤᠯᠤᠨ ᠲᠤᠰᠢᠶᠠᠬᠤ ᠶᠢ ᠰᠠᠶᠢᠲᠤᠷ ᠴᠢᠩᠭᠠᠳᠬᠠᠵᠤ᠂ ᠬᠤᠷᠢᠶᠠᠬᠤ ᠶᠣᠰᠣᠲᠠᠢ ᠶᠢ ᠨᠢ ᠴᠥᠮ ᠬᠤᠷᠢᠶᠠᠵᠤ᠂ | ᠪᠦᠬᠦᠨ ᠢ ᠬᠥᠮᠥᠷᠭᠡ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠶ ᠶᠢᠨ ᠬᠥᠭᠵᠢᠯᠲᠡ ᠳᠤ ᠪᠠᠯᠠ | ᠮᠥᠩᠭᠦ ᠶᠢᠨ ᠪᠠᠲᠤᠯᠠᠭ᠎ᠠ ᠶᠢ ᠪᠠᠲᠤᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ | | | | |