ᠤᠯᠠᠭᠠᠨᠬᠤᠲᠠ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/3
        5 ᠰᠠᠷ᠎ᠠ ᠶᠢᠨ 30 ᠤ ᠡᠳᠦᠷ᠂ ᠤᠯᠠᠭᠠᠨᠬᠤᠲᠠ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠢ ᠡᠷᠭᠢᠯᠡᠵᠦ ᠶᠠᠷᠢᠶ᠎ᠠ ᠲᠠᠯᠪᠢᠵᠤ᠂ ᠮᠠ ᠮᠧᠩ᠂ ᠭᠧᠩ ᠴᠧᠩ ᠵᠡᠷᠭᠡ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠸᠠᠩ ᠹᠦ᠋ ᠱᠦᠨ ᠤᠷᠢᠯᠭ᠎ᠠ ᠪᠠᠷ ᠬᠤᠷᠠᠯ ᠳᠤ ᠣᠷᠣᠯᠴᠠᠪᠠ᠃        ᠬᠤᠷᠠᠯ ᠠᠴᠠ ᠰᠡᠷᠡᠮᠵᠢᠯᠡᠭᠦᠯᠬᠦ ᠬᠥᠮᠦᠵᠢᠯ ᠤᠨ ᠲᠤᠰᠬᠠᠢ ᠰᠡᠳᠦᠪᠲᠦ ᠹᠢᠯᠢᠮ ᠢ ᠦᠵᠡᠵᠦ᠂ ᠾᠧᠨᠠᠨ ᠮᠤᠵᠢ ᠶᠢᠨ ᠰᠢᠨ ᠶᠠᠩ ᠬᠤᠳᠠ ᠶᠢᠨ ᠯᠦᠸᠧ ᠱᠠᠨ ᠰᠢᠶᠠᠨ ᠤ 10 ᠺᠠᠳ᠋ᠷ ᠲᠣᠭᠲᠠᠭᠠᠯ ᠢ ᠵᠥᠷᠢᠴᠡᠨ ᠢᠳᠡᠵᠦ ᠤᠤᠭᠤᠬᠰᠠᠨ ᠠᠰᠠᠭᠤᠳᠠᠯ᠂ ᠪᠦᠬᠦ ᠬᠤᠳᠠ ᠶᠢᠨ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠳᠤ ᠵᠠᠳᠠᠯᠤᠯᠲᠠ ᠬᠢᠵᠡᠢ᠃ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 12 ᠳ᠋ᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠵᠢᠴᠢ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠲᠠᠶᠢᠴᠢᠯᠠᠯᠳᠠ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠩᠭᠠᠨ ᠠᠶᠢᠮᠠᠭ ᠲᠤ ᠣᠷᠣᠵᠤ ᠰᠠᠭᠤᠭᠰᠠᠨ ᠠᠭᠤᠯᠵᠠᠯᠲᠠ ᠶᠢᠨ ᠬᠤᠷᠠᠯ ᠤᠨ ᠵᠣᠷᠢᠭ ᠰᠠᠨᠠᠭ᠎ᠠ ᠪᠣᠯᠤᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃        ᠬᠤᠷᠠᠯ ᠠᠴᠠ᠂ ᠪᠦᠬᠦ ᠬᠤᠳᠠ ᠪᠠᠷ ᠢᠶᠠᠨ ᠡᠷᠬᠡᠪᠰᠢ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠤᠯᠤᠭᠠᠨ ᠴᠢᠩᠭ᠎ᠠ ᠪᠠᠶᠢᠬᠤ︾ ᠶᠢᠨ ᠦᠷ᠎ᠡ ᠪᠦᠲᠦᠮᠵᠢ ᠲᠤᠷᠰᠢᠯᠭ᠎ᠠ ᠶᠢ ᠪᠦᠬᠦ ᠲᠠᠯ᠎ᠠ ᠪᠠᠷ ᠰᠤᠷᠤᠯᠴᠠᠨ ᠬᠡᠷᠡᠭᠯᠡᠵᠦ᠂ ᠢᠮᠠᠭᠲᠠ ᠴᠢᠩᠭ᠎ᠠ ᠠᠷᠭ᠎ᠠ ᠬᠡᠮᠵᠢᠶ᠎ᠡ ᠪᠣᠯᠤᠨ ᠪᠣᠳᠠᠲᠠᠢ ᠰᠤᠷᠲᠠᠯ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠᠷ ᠨᠠᠰᠤᠨ ᠲᠤᠷᠰᠢᠳᠠ ᠶᠢᠨ ᠰᠡᠳᠦᠪ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠪᠠᠶᠢᠩᠭᠤ ᠶᠢᠨ ᠴᠢᠨᠠᠷᠲᠠᠢ ᠪᠠᠷ ᠤᠯᠤᠰ ᠲᠦᠷᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ︽ᠲᠦᠷᠪᠡᠨ ᠰᠤᠷᠲᠠᠯ︾ ᠢ ᠡᠰᠡᠷᠭᠦᠴᠡᠬᠦ ᠦᠵᠡᠯ ᠰᠠᠨᠠᠭᠠᠨ ᠤ ᠬᠠᠰᠢᠯᠭ᠎ᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠢᠮᠠᠭᠲᠠ ᠲᠥᠪ ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢ ᠪᠠᠲᠤᠯᠠᠬᠤ ᠬᠡᠷᠡᠭᠲᠡᠢ᠃ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠷᠦ ᠳᠤ ᠣᠷᠤᠯᠴᠠᠬᠤ ᠦᠨᠳᠦᠰᠦᠯᠡᠯ ᠪᠣᠯᠭᠠᠵᠤ᠂ ︽ᠤᠴᠢᠷ ᠭᠠᠷᠬᠤ ᠠᠴᠠ ᠠᠶᠤᠵᠤ ᠠᠵᠢᠯ ᠬᠢᠬᠦ ᠦᠭᠡᠢ︾ ᠪᠤᠷᠤᠭᠤ ᠦᠵᠡᠯ ᠰᠠᠨᠠᠭ᠎ᠠ ᠶᠢ ᠡᠷᠡᠰ ᠲᠠᠶᠠᠭᠳᠠᠵᠤ᠂ ᠬᠢᠬᠦ ᠶᠣᠰᠣᠲᠠᠢ ᠶᠠᠪᠤᠳᠠᠯ ᠪᠣᠯ ᠡᠷᠡᠰ ᠰᠠᠶᠢᠲᠤᠷ ᠬᠢᠵᠦ᠂ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠵᠣᠷᠢᠭᠲᠠᠢ ᠪᠠᠷ ᠴᠢᠳᠠᠮᠠᠭᠠᠢ ᠪᠠᠷ ᠬᠢᠵᠦ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠤ ᠪᠦᠬᠦ ᠬᠤᠳᠠ ᠳᠤ ᠬᠡᠪ ᠰᠤᠷᠲᠠᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ ᠢ ᠸᠢᠳᠢᠣ᠋ ᠬᠡᠯᠪᠡᠷᠢ ᠪᠠᠷ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠵᠡᠷᠭᠡᠪᠡᠷ ᠶᠠᠪᠤᠭᠳᠠᠭᠤᠯᠪᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号