| ᠲᠦᠷᠥᠬᠦᠭᠡᠨ᠂ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠤᠪᠴᠢᠶ᠎ᠠ ᠪᠣᠳᠠᠰ ᠤᠨ ᠪᠤᠰᠤ | ᠰᠣᠶᠣᠯ ᠤᠨ ᠥᠪ ᠤᠨ ᠦᠵᠡᠬᠦᠯᠭᠡ ᠡᠷᠬᠢᠯᠡᠨ᠂ 100 ᠭᠠᠷᠤᠢ ᠪᠦᠳᠥᠭᠡᠯ ᠢ ᠳᠡᠯᠭᠡᠨ ᠦᠵᠡᠬᠦᠯᠵᠤ᠂ ᠬᠦᠷᠥᠯᠴᠡᠨ | ᠢᠷᠡᠭᠰᠡᠳ ᠲᠤ ᠪᠤᠳᠠᠰ ᠤᠨ ᠪᠤᠰᠥ ᠰᠤᠶᠤᠯ ᠤᠨ ᠦᠪ ᠤᠨ ᠷᠢᠳᠢ ᠰᠢᠳᠢ ᠶᠢ ᠭᠠᠶᠢᠬᠠᠭᠤᠯᠤᠭᠰᠠᠨ ᠪᠠᠶᠢᠨ᠎ᠠ᠃ ᠡᠭᠦᠨ ᠤ | ᠳᠣᠲᠣᠷ᠎ᠠ᠂ ︽ᠬᠠᠶᠢᠷ᠎ᠠ ᠰᠢᠩᠭᠡᠭᠰᠡᠨ ᠬᠢᠨᠭ᠍ᠭᠠᠨ︾ ᠭᠡᠬᠦ ᠴᠠᠭᠠᠰᠤᠨ ᠬᠠᠶᠢᠴᠢᠯᠠᠮᠠᠯ ᠤᠨ ᠪᠦᠲᠦᠭᠡᠯ ᠨᠢ ᠬᠥᠮᠦᠰ ᠤᠨ | ᠠᠩᠬᠠᠷᠤᠯ ᠢ ᠣᠨᠴᠠᠭᠠᠢ ᠲᠠᠲᠠᠵᠤ᠂ ᠲᠤᠰ ᠪᠦᠲᠦᠭᠡᠯ ᠨᠢ ᠣᠷᠳᠣ ᠨᠢ 17 ᠮᠧᠲᠷ᠂ ᠦᠷᠭᠡᠨ ᠨᠢ 1 ᠮᠧᠲᠷ᠂ ︽ | ᠠᠭᠤᠯᠠ ᠲᠠᠢ ᠬᠤᠯᠪᠤᠭᠠᠯᠠᠵᠤ᠂ ᠤᠰᠤ ᠲᠠᠢ ᠬᠤᠯᠪᠤᠭᠠᠯᠡᠵᠤ᠂ ᠬᠢᠩᠭᠠᠨ ᠠᠶᠢᠮᠠᠬ ᠲᠠᠢ ᠬᠤᠯᠪᠤᠭᠠᠯᠠᠬᠤ︾ ᠵᠢᠭᠤᠯᠴᠢᠯᠠᠯ ᠤᠨ | ᠳᠦᠷᠢ ᠲᠥᠷᠬᠦ ᠶᠢ ᠲᠤᠰ ᠪᠦᠳᠥᠭᠡᠯ ᠳᠤ ᠪᠠᠨ ᠠᠭᠤᠰᠤᠯᠴᠠᠭᠤᠯᠵᠤ᠂ ᠬᠢᠩᠭᠠᠨ ᠠᠶᠢᠮᠠᠭ ᠤᠨ ᠵᠢᠷᠭᠤᠭᠠᠨ ᠬᠤᠰᠢᠭᠤ ᠰᠢᠶᠠᠨ | ᠬᠤᠲᠠ ᠶᠢᠨ ᠦᠵᠡᠮᠵᠢ ᠶᠢᠨ ᠣᠷᠣᠨ ᠵᠡᠷᠭᠡ ᠶᠢ ᠬᠥᠮᠦᠰ ᠤᠨ ᠨᠢᠳᠦᠨ ᠡᠮᠦᠨ᠎ᠡ ᠠᠮᠢᠳᠤᠯᠢᠭ ᠢᠶᠠᠷ ᠢᠯᠡᠷᠡᠭᠦᠯᠪᠡ᠃ | ᠲᠤᠰ ᠦᠵᠡᠬᠦᠯᠭᠡ ᠳᠤ᠂ ᠲᠣᠭᠤᠰ ᠤᠨ ᠦᠳᠥ ᠪᠠᠷ ᠬᠢᠭᠰᠡᠨ ᠵᠠᠰᠠᠯ ᠴᠢᠮᠡᠭ ᠤᠨ ᠡᠳ᠋ ᠵᠡᠷᠭᠡ ᠨᠢ ᠮᠦᠨ | ᠬᠦᠷᠥᠯᠴᠡᠨ ᠢᠷᠡᠭᠰᠠᠳ ᠤᠨ ᠠᠩᠬᠠᠷᠤᠯ ᠢ ᠳᠠᠳᠠᠵᠤ ᠪᠠᠶᠢᠪᠠ᠃ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠤᠯᠠᠮᠵᠢᠯᠠᠭᠴᠢ ᠵᠧᠦ ᠬᠠᠢ ᠶᠠᠨ ᠪᠦ᠋ᠳᠤᠬᠡᠯ ᠤᠨ ᠬᠠᠵᠠᠭᠤ ᠳᠠᠭᠠᠨ ᠵᠤᠬᠰᠤᠵᠤ ᠪᠦᠳᠥᠭᠡᠯ ᠤᠳ ᠢᠶᠠᠨ ᠲᠠᠨᠢᠯᠴᠠᠭᠤᠯᠵᠤ | ᠪᠠᠶᠢᠯ᠎ᠠ᠃ ᠲᠡᠷᠡ 2016 ᠣᠨ ᠠᠴᠠ ᠡᠬᠢᠯᠡᠨ᠂ ᠬᠢᠩᠭᠠᠨ ᠠᠶᠢᠮᠠᠭ ᠤᠨ ᠡᠯ᠎ᠡ ᠭᠠᠵᠠᠷ ᠲᠤ ᠰᠦᠢᠳᠭᠡᠯ ᠬᠤᠷᠢᠶᠠᠬᠤ | ᠦᠭᠡᠢ ᠪᠠᠷ ᠳᠤᠭᠤᠰ ᠤᠨ ᠦᠳᠥ ᠪᠠᠷ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠪᠣᠯᠪᠠᠰᠤᠷᠠᠯ ᠤᠨ ᠠᠩᠬᠢ ᠡᠷᠬᠢᠯᠡᠵᠤ᠂ | ᠮᠠᠰᠢ ᠤᠯᠠᠨ ᠬᠥᠳᠡᠭᠡ ᠲᠣᠰᠬᠤᠨ ᠤ ᠡᠮᠡᠭᠲᠡᠶᠢᠴᠦᠳ ᠪᠣᠯᠤᠨ ᠵᠡᠮᠳᠡᠭᠴᠤᠳ ᠲᠤ ᠠᠵᠢᠯ ᠣᠯᠭᠤᠵᠤ ᠣᠷᠣᠯᠭ᠎ᠠ ᠪᠠᠨ | ᠨᠡᠮᠡᠭᠳᠡᠬᠦᠯᠬᠦ ᠳᠠᠪᠴᠠᠩ ᠬᠠᠨᠭ᠍ᠭᠠᠵᠤ ᠦᠭᠴᠡᠢ᠃ | ᠤᠯᠠᠨ ᠵᠢᠯ ᠤᠨ ᠲᠤᠷᠰᠢ᠂ ᠤᠯᠠᠭᠠᠨᠬᠤᠲᠠ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠲᠥᠷᠥᠯ ᠵᠦᠢᠯ ᠢ ᠬᠠᠮᠠᠭᠠᠯᠠᠨ ᠬᠦᠭᠵᠢᠬᠦᠯᠵᠤ᠂ ᠪᠤᠳᠠᠰ ᠤᠨ ᠪᠤᠰᠥ ᠰᠣᠶᠣᠯ ᠢ ᠤᠯᠠᠮᠵᠢᠯᠠᠨ ᠵᠠᠯᠭᠠᠮᠵᠢᠯᠠᠬᠴᠢ ᠰᠢᠨ᠎ᠡ ᠶᠢ | ᠡᠭᠦᠳᠬᠦ ᠶᠢ ᠪᠠᠷᠢᠮᠳᠠᠯᠠᠵᠤ᠂ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢᠶᠠᠷ | ᠤᠯᠠᠭᠠᠨᠬᠤᠲᠠ ᠶᠢᠨ ᠭᠤᠶᠤ ᠰᠠᠶᠢᠬᠠᠨ ᠳᠦᠷᠢ ᠲᠥᠷᠬᠦ ᠶᠢ ᠢᠯᠡᠷᠡᠭᠦᠯᠬᠦ ᠨᠡᠷ᠎ᠡ ᠶᠢᠨ ᠬᠠᠭᠤᠳᠠᠰᠤ ᠪᠣᠯᠭᠠᠪᠠ᠃ ᠣᠳᠣᠬᠠᠨ | ᠪᠣᠯᠲᠠᠯ᠎ᠠ᠂ ᠤᠯᠠᠭᠠᠨᠬᠤᠲᠠ ᠳᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ 129᠂ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠠᠨ ᠤᠯᠠᠮᠵᠢᠯᠠᠭᠴᠢ 214 ᠬᠥᠮᠦᠨ ᠪᠠᠶᠢᠵᠤ᠂ | ᠡᠳᠡᠭᠡᠷ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠦᠪᠯᠠᠨ ᠤᠯᠠᠮᠵᠢᠯᠠᠭᠴᠢ ᠬᠥᠳᠡᠭᠡ ᠲᠣᠰᠬᠤᠨ᠂ | ᠨᠡᠶᠢᠭᠡᠮ ᠲᠣᠭᠤᠷᠢᠭ ᠵᠢᠴᠢ ᠰᠤᠷᠭᠠᠭᠤᠯᠢ ᠪᠠᠷ ᠭᠦᠨᠵᠡᠭᠡᠶᠢᠷᠡᠵᠦ᠂ ᠴᠠᠭᠠᠰᠥᠨ ᠬᠠᠶᠢᠴᠢᠯᠠᠮᠠᠯ᠂ ᠤᠷᠠᠨ ᠬᠠᠳᠬᠤᠮᠠᠯ᠂ ᠲᠦᠷᠪᠡᠨ | ᠤᠳᠠᠰᠥᠳᠥ ᠬᠤᠭᠤᠷ᠂ ᠠᠷᠠᠳ ᠤᠨ ᠳᠠᠭᠤᠤ ᠵᠡᠷᠭᠡ ᠤᠯᠠᠨ ᠲᠦᠷᠥᠯ ᠤᠨ ᠪᠤᠳᠠᠰ ᠤᠨ ᠪᠤᠰᠥ ᠰᠤᠶᠤᠯ ᠤᠨ ᠦᠪ ᠢ ᠤᠯᠠᠮ | ᠰᠠᠶᠢᠨ ᠤᠯᠠᠮᠵᠢᠯᠠᠨ ᠬᠦᠭᠵᠢᠬᠦᠯᠵᠤ᠂ ᠨᠡᠩ ᠤᠯᠠᠨ ᠬᠦᠮᠥᠰ ᠲᠤ ᠡ᠊ᠨᠡᠬᠦ ᠤᠯᠳᠠᠰᠢ ᠦᠬᠡᠢ ᠨᠠᠨᠳᠢᠨ ᠦᠪ ᠰᠤᠶᠤᠯ ᠢ | ᠤᠶᠢᠯᠠᠭᠠᠭᠤᠯᠵᠤ ᠲᠠᠨᠢᠭᠤᠯᠤᠭᠰᠠᠨ ᠪᠠᠶᠢᠨ᠎ᠠ᠃ | ︽ᠡᠳᠡᠭᠡᠷ ᠴᠠᠭᠠᠰᠤᠨ ᠬᠠᠶᠢᠴᠢᠯᠠᠮᠠᠯ ᠦᠨᠡᠬᠡᠷ ᠰᠠᠶᠢᠬᠠᠨ︕ ᠲᠤᠰ ᠤᠳᠠᠭᠠᠨ ᠤ ᠦᠵᠡᠬᠦᠯᠭᠡ ᠨᠢ ᠪᠢᠳᠡᠨ ᠢ | ᠴᠠᠭᠠᠰᠤᠨ ᠬᠠᠶᠢᠴᠢᠯᠠᠮᠠᠯ ᠤᠨ ᠤᠷᠠᠯᠢᠭ ᠲᠠᠢ ᠣᠶᠢᠷᠠᠲᠤᠭᠤᠯᠤᠭᠰᠠᠨ ᠢᠶᠠᠷ ᠪᠠᠷᠠᠬᠤ ᠥᠬᠡᠶ᠂ ᠪᠠᠰᠠ ᠡᠨᠡ ᠬᠦ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢ ᠣᠶᠢᠯᠠᠭᠠᠭᠤᠯᠵᠠᠢ︾ ᠭᠡᠵᠤ ᠤᠯᠠᠭᠠᠨᠬᠤᠲᠠ ᠶᠢᠨ | ᠰᠠᠭᠤᠭᠠᠯᠢ ᠠᠷᠠᠳ ᠯᠢ ᠰᠢᠶᠥᠥ ᠵᠢᠶᠧ ᠴᠠᠭᠠᠰᠤᠨ ᠬᠠᠶᠢᠴᠢᠯᠠᠮᠠᠯ ᠤᠨ ᠦᠵᠡᠬᠦᠯᠭᠡ ᠶᠢ ᠦᠵᠡᠭᠰᠡᠨ ᠤ ᠳᠠᠷᠠᠭᠠᠬᠢ | ᠲᠦᠷᠥᠭᠳᠡᠯ ᠢᠶᠠᠨ ᠶᠠᠷᠢᠵᠤ ᠪᠠᠶᠢᠯ᠎ᠠ᠃ ︵ᠱᠤᠸᠠᠩ ᠴᠢᠤᠸᠠᠨ︶ |