ᠢᠯᠠᠯᠳᠠ ᠪᠠᠯᠭᠠᠰᠤ ᠵᠠᠬᠢᠶᠠᠯᠠᠭ᠎ᠠ ᠶᠢᠨ ᠬᠡᠯᠪᠡᠷᠢ ᠶᠢᠨ ᠤᠰᠤᠨ ᠲᠤᠳᠤᠷᠭ᠎ᠠ ᠲᠠᠷᠢᠵᠤ ᠤᠷᠭᠤᠭᠤᠯᠬᠤ ᠶᠢ ᠲᠡᠯᠭᠡᠷᠡᠬᠦᠯᠤᠨ ᠠᠷᠠᠳ ᠤᠨ ᠤᠷᠤᠯᠭ᠎ᠠ ᠶᠢ ᠨᠡᠮᠡᠭᠳᠡᠬᠦᠯᠪᠡ
ᠨᠡᠶᠢᠲᠡᠯᠡᠭᠰᠡᠨ ᠴᠠᠭ᠄
2025/6/3
        ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠢᠯᠠᠯᠳᠠ ᠪᠠᠯᠭᠠᠰᠤᠨ ᠤ 1 ᠲᠦᠮᠠᠨ ᠮᠤ᠋ ᠤᠰᠤᠨ ᠲᠤᠳᠤᠷᠭ᠎ᠠ ᠶᠢᠨ ᠴᠢᠬᠢ ᠰᠠᠭᠤᠯᠭᠠᠬᠤ ᠠᠵᠢᠯ ᠡᠬᠢᠯᠡᠵᠤ᠂ ᠢᠯᠠᠯᠳᠠ ᠪᠠᠯᠭᠠᠰᠤ ᠪᠤᠬᠢᠷᠳᠤᠯ ᠦᠭᠡᠢ ᠲᠠᠷᠢᠵᠤ ᠤᠷᠭᠤᠭᠤᠯᠬᠤ ᠮᠡᠷᠭᠡᠵᠢᠯ ᠪᠠ ᠪᠦᠬᠦ ᠠᠵᠤ ᠦᠢᠯᠡᠰ ᠤᠨ ᠬᠡᠯᠬᠢᠶᠡᠨ ᠤ ᠬᠦᠭᠵᠢᠯᠳᠠ ᠶᠢᠨ ᠬᠡᠯᠪᠡᠷᠢ ᠶᠢ ᠠᠭᠤᠰᠤᠯᠴᠠᠭᠤᠯᠤᠨ᠂ ︽ᠲᠠᠩᠰᠠ ᠵᠠᠬᠢᠶᠠᠯᠠᠬᠤ ᠬᠡᠯᠪᠡᠷᠢ ᠶᠢᠨ ᠤᠰᠤᠨ ᠲᠤᠳᠤᠷᠭ᠎ᠠ︾ ᠲᠠᠷᠢᠵᠤ ᠤᠷᠭᠤᠭᠤᠯᠬᠤ ᠶᠢ ᠲᠡᠯᠭᠡᠷᠡᠬᠦᠯᠵᠤ᠂ ᠲᠠᠷᠢᠮᠠᠯ ᠤᠨ ᠦᠷ᠎ᠠ ᠠᠰᠢᠭ ᠢ ᠳᠡᠭᠡᠭᠰᠢᠯᠡᠭᠦᠯᠬᠦ᠂ ᠲᠠᠷᠢᠶᠠᠴᠢᠨ ᠡᠷᠤᠬᠡ ᠶᠢᠨ ᠤᠷᠤᠯᠭ᠎ᠠ ᠶᠢ ᠨᠡᠮᠡᠭᠳᠡᠬᠦᠯᠬᠦ ᠰᠢᠨ᠎ᠠ ᠵᠠᠮ ᠢ ᠡᠷᠢᠯᠬᠢᠯᠡᠯ᠎ᠠ᠃        ᠤᠯᠠᠭᠠᠨᠬᠤᠳᠠ ᠶᠢᠨ ᠮᠢᠩ ᠡᠣ ᠤᠰᠤᠨ ᠲᠤᠳᠤᠷᠭ᠎ᠠ ᠲᠠᠷᠢᠵᠤ ᠤᠷᠭᠤᠭᠤᠯᠬᠤ ᠲᠤᠰᠬᠠᠢ ᠬᠤᠷᠰᠢᠶ᠎ᠠ ᠶᠢᠨ ᠲᠤᠳᠤᠷᠭᠠᠨ ᠲᠠᠷᠢᠶᠠᠨ ᠳᠤ ᠠᠵᠢᠯᠳᠠᠳ ᠶᠠᠭᠠᠷᠠᠯᠳᠠᠢ ᠠᠵᠢᠯᠯᠠᠵᠤ ᠪᠠᠶᠢᠯ᠎ᠠ᠃ ︽ᠡ᠊ᠨᠠ ᠵᠢᠯ ᠬᠤᠷᠰᠢᠶ᠎ᠠ ᠠᠴᠠ 2000 ᠮᠤ᠋ ᠤᠰᠤᠨ ᠳᠤᠳᠤᠷᠭ᠎ᠠ ᠶᠢ ᠤᠷᠭᠠᠨᠢᠭ ᠢᠶᠠᠷ ᠲᠠᠷᠢᠵᠤ ᠤᠷᠭᠤᠭᠤᠯᠵᠤ᠂ ᠲᠠᠷᠢᠶᠠᠴᠢᠨ ᠡᠷᠤᠬᠡ ᠲᠠᠢ ᠲᠠᠩᠰᠠ ᠵᠠᠬᠢᠶᠠᠯᠠᠨ ᠲᠠᠷᠢᠵᠤ ᠤᠷᠭᠤᠭᠤᠯᠤᠭᠰᠠᠨ ᠤᠰᠤᠨ ᠲᠤᠳᠤᠷᠭ᠎ᠠ ᠨᠢ 3000 ᠭᠠᠷᠤᠢ ᠮᠤ᠋ ᠳᠤ ᠬᠦᠷᠴᠠᠢ︾ ᠭᠡᠵᠤ ᠤᠯᠠᠭᠠᠨᠬᠤᠳᠠ ᠶᠢᠨ ᠮᠢᠩ ᠡᠣ ᠤᠰᠤᠨ ᠲᠤᠳᠤᠷᠭ᠎ᠠ ᠲᠠᠷᠢᠵᠤ ᠤᠷᠭᠤᠭᠤᠯᠬᠤ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢ ᠶᠢᠨ ᠲᠠᠷᠤᠭ᠎ᠠ ᠶᠠᠩ ᠮᠢᠩ ᠡᠣ ᠶᠠᠷᠢᠨ᠎ᠠ᠃        ᠤᠶᠢᠯᠠᠭᠠᠭᠰᠠᠨ ᠢᠶᠠᠷ᠂ ᠤᠯᠠᠭᠠᠨᠬᠤᠳᠠ ᠶᠢᠨ ᠢᠯᠠᠯᠳᠠ ᠪᠠᠯᠭᠠᠰᠤ ᠡ᠊ᠨᠠ ᠵᠢᠯ 3.5 ᠲᠦᠮᠡᠨ ᠮᠤ᠋ ᠤᠰᠤᠨ ᠲᠤᠳᠤᠷᠭ᠎ᠠ ᠲᠠᠷᠢᠵᠤ᠂ ᠤᠳᠤᠬᠠᠨ ᠳᠤ ᠶᠡᠷᠤᠩᠬᠡᠢ ᠲᠠᠯᠠᠪᠠᠢ ᠶᠢᠨ 90% ᠶᠢ ᠨᠢ ᠲᠠᠭᠤᠰᠬᠠᠨ᠂ 5 ᠰᠠᠷ᠎ᠠ ᠶᠢᠨ ᠰᠡᠬᠦᠯᠴᠢ ᠪᠤᠯᠬᠤ ᠳᠤ᠂ ᠪᠦᠬᠦ ᠪᠠᠯᠭᠠᠰᠤᠨ ᠤ ᠤᠰᠤᠨ ᠲᠤᠳᠤᠷᠭ᠎ᠠ ᠲᠠᠷᠢᠬᠤ ᠠᠵᠢᠯ ᠢ ᠪᠦᠬᠦᠨ ᠢ ᠲᠠᠭᠤᠰᠬᠠᠬᠤ ᠪᠤᠯᠤᠨ᠎ᠠ᠃        ᠤᠯᠠᠮᠵᠢᠯᠠᠯᠳᠤ ᠤᠰᠤᠨ ᠲᠤᠳᠤᠷᠭ᠎ᠠ ᠲᠠᠷᠢᠵᠤ ᠤᠷᠭᠤᠭᠤᠯᠬᠤ ᠨᠢ ᠲᠠᠷᠠᠬᠠᠢ ᠪᠤᠳᠠᠷᠬᠠᠢ᠂ ᠲᠠᠯᠠᠪᠠᠢ ᠪᠠᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠶᠠᠩ ᠮᠢᠩ ᠡᠣ ᠶᠢᠨ ᠵᠦ ᠾᠧ ᠲᠤᠳᠤᠷᠭᠠᠨ ᠦᠢᠯᠡᠰ ᠤᠨ ᠬᠢᠵᠠᠭᠠᠷᠳᠤ ᠺᠤᠮᠫᠠᠨᠢ ᠳᠤ ᠲᠦᠰᠢᠭᠯᠡᠵᠤ᠂ ︽ᠺᠤᠮᠫᠠᠨᠢ + ᠲᠤᠰᠬᠠᠢ ᠬᠤᠷᠰᠢᠶ᠎ᠠ + ᠲᠠᠷᠢᠶᠠᠴᠢᠨ ᠡᠷᠤᠬᠡ + ᠰᠠᠭᠤᠷᠢᠨ ᠭᠠᠵᠠᠷ︾  ᠤᠨ ᠪᠦᠬᠦ ᠠᠵᠤ ᠦᠢᠯᠡᠰ ᠤᠨ ᠬᠡᠯᠬᠢᠶ᠎ᠠ ᠶᠢ ᠪᠠᠶᠢᠭᠤᠯᠵᠤ᠂ ᠲᠠᠩᠰᠠ ᠵᠠᠬᠢᠶᠠᠯᠠᠬᠤ ᠬᠡᠯᠪᠡᠷᠢ ᠶᠢᠨ ᠲᠠᠷᠢᠵᠤ ᠤᠷᠭᠤᠭᠤᠯᠬᠤ ᠶᠢ ᠬᠡᠷᠡᠭᠵᠢᠬᠦᠯᠵᠤ᠂ ᠪᠤᠬᠢᠷᠳᠤᠯ ᠦᠭᠡᠢ ᠦᠨᠳᠤᠷ ᠦᠷ᠎ᠠ ᠠᠰᠢᠭ ᠲᠠᠢ ᠮᠡᠷᠭᠡᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠤᠷᠭᠠᠨᠢᠭ ᠤᠰᠤᠨ ᠲᠤᠳᠤᠷᠭ᠎ᠠ ᠲᠠᠷᠢᠵᠤ᠂ ᠨᠢᠭᠡᠳᠤᠯᠳᠠᠢ ᠲᠦᠷᠤᠯ ᠵᠦᠢᠯ᠂ ᠨᠢᠭᠡᠳᠤᠯᠳᠠᠢ ᠲᠠᠷᠢᠵᠤ ᠤᠷᠭᠤᠭᠤᠯᠬᠤ ᠠᠷᠭ᠎ᠠ ᠠᠪᠴᠠᠯ᠂ ᠨᠢᠭᠡᠳᠤᠯᠳᠠᠢ ᠬᠠᠮᠢᠶᠠᠷᠬᠤ᠂ ᠨᠢᠭᠡᠳᠤᠯᠳᠠᠢ ᠪᠤᠯᠪᠠᠰᠤᠷᠠᠭᠤᠯᠬᠤ᠂ ᠨᠢᠭᠡᠳᠤᠯᠳᠠᠢ ᠪᠤᠷᠤᠯᠠᠭᠤᠯᠬᠤ ᠬᠡᠪ ᠵᠠᠬᠪᠤᠷ ᠢᠶᠠᠷ ᠲᠠᠷᠢᠶᠠᠴᠢᠨ ᠡᠷᠤᠬᠡ ᠲᠠᠢ ᠪᠠᠯᠠ ᠪᠠᠨ ᠪᠠᠳᠤᠯᠠᠬᠤ ᠬᠤᠷᠢᠶᠠᠵᠤ ᠠᠪᠬᠤ ᠭᠡᠷ᠎ᠠ ᠲᠤᠭᠳᠠᠵᠤ᠂ ᠨᠠᠮᠤᠷ ᠤᠨ ᠤᠯᠠᠷᠢᠯ ᠳᠤ ᠵᠠᠬ᠎ᠠ ᠲᠡᠯᠭᠡᠬᠦᠷ ᠤᠨ ᠦᠨ᠎ᠠ ᠬᠠᠩᠰᠢ ᠠᠴᠠ ᠦᠨᠳᠤᠷ ᠦᠨ᠎ᠠ ᠪᠠᠷ ᠲᠤᠳᠤᠷᠭ᠎ᠠ ᠶᠢ ᠬᠤᠷᠢᠶᠠᠨ ᠬᠤᠳᠠᠯᠳᠤᠨ ᠠᠪᠴᠤ᠂ ᠤᠰᠤᠨ ᠲᠤᠳᠤᠷᠭ᠎ᠠ ᠶᠢᠨ ᠠᠵᠤ ᠦᠢᠯᠡᠰ ᠤᠨ ᠦᠢᠯᠡᠳᠪᠤᠷᠢᠯᠡᠬᠦ ᠪᠤᠷᠤᠯᠠᠭᠤᠯᠬᠤ ᠶᠢ ᠤᠨᠤᠴᠠᠳᠠᠢ ᠵᠤᠯᠭᠠᠭᠤᠯᠬᠤ ᠶᠢ ᠪᠡᠶᠡᠯᠡᠬᠦᠯᠪᠡ᠃        ᠢᠯᠠᠯᠳᠠ ᠪᠠᠯᠭᠠᠰᠤ 50 ᠲᠠᠷᠢᠶᠠᠴᠢᠨ ᠡᠷᠦᠬᠡ ᠪᠠ 3000 ᠮᠤ᠋ ᠤᠰᠤᠨ ᠳᠠᠷᠢᠶᠠᠨ ᠳᠤ ᠲᠠᠩᠰᠠ ᠵᠠᠬᠢᠶᠠᠯᠠᠬᠤ ᠬᠡᠯᠪᠡᠷᠢ ᠶᠢᠨ ᠲᠠᠷᠢᠵᠤ ᠤᠷᠭᠤᠭᠤᠯᠬᠤ ᠶᠢ ᠲᠡᠯᠭᠡᠷᠡᠬᠦᠯᠵᠤ᠂ ᠮᠤ᠋ ᠪᠦᠷᠢ ᠪᠠᠷᠤᠭ 150 ᠲᠦᠬᠦᠷᠢᠭ ᠤᠨ ᠤᠷᠤᠯᠭ᠎ᠠ ᠨᠡᠮᠡᠭᠳᠡᠬᠦ ᠪᠤᠯᠤᠨ᠎ᠠ᠃ ᠴᠤᠯᠮᠤᠨ ᠮᠢᠩ ᠵᠦ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号