| ᠣᠶᠢᠷ᠎ᠠ ᠶᠢᠨ ᠵᠢᠯ ᠠᠴᠠ᠂ ᠤᠯᠠᠭᠠᠨᠬᠤᠲᠠ ᠶᠢᠨ ᠳᠡᠭᠦᠯᠢᠨ ᠵᠡᠭᠡᠯᠢ ᠶᠢᠨ ᠵᠢᠶᠠᠨ ᠹᠧᠩ ᠨᠡᠶᠢᠭᠡᠮ ᠲᠣᠭᠤᠷᠢᠭ | ᠢᠮᠠᠭᠲᠠ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠵᠢᠭᠠᠯᠳᠠ ᠲᠤᠭ᠎ᠠ ᠶᠢ ᠲᠡᠬᠡᠭᠰᠢᠯᠡᠬᠦᠯᠬᠦ ᠶᠢ ᠠᠵᠢᠯ ᠤᠨ | ᠭᠤᠣᠯᠳᠠᠯᠭ᠎ᠠ ᠪᠣᠯᠭᠠᠵᠤ᠂ ︽ᠪᠢ ᠤᠯᠠᠨ ᠲᠦᠮᠡᠨ ᠳᠤ ᠪᠣᠳᠠᠳᠤ ᠶᠠᠪᠤᠳᠠᠯ ᠬᠢᠵᠦ ᠥᠭᠬᠦ︾ ᠪᠠᠷ ᠭᠠᠷᠳᠠᠴᠠ ᠪᠣᠯᠭᠠᠵᠤ | ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠪᠰᠤᠷᠤᠨ ᠲᠡᠳᠬᠦᠬᠦ ᠠᠴᠠ ᠪᠡᠶ᠎ᠡ ᠴᠢᠭᠢᠷᠠᠭᠵᠢᠭᠤᠯᠬᠤ | ᠲᠥᠬᠦᠭᠡᠷᠦᠮᠵᠢ ᠶᠢ ᠨᠠᠶᠢᠳᠠᠪᠤᠷᠢᠵᠢᠭᠤᠯᠬᠤ ᠬᠦᠷᠲᠡᠯ᠎ᠡ᠂ ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠠᠷᠭ᠎ᠠ | ᠵᠠᠮ ᠢ ᠰᠢᠯᠤᠭᠤᠳᠬᠠᠬᠤ ᠠᠴᠠ ᠦᠨᠳᠦᠰᠦᠨ ᠱᠠᠲᠤᠨ ᠤ ᠵᠥᠷᠢᠴᠡᠯ ᠢ ᠰᠢᠢᠳᠪᠦᠷᠢᠯᠡᠬᠦ ᠬᠦᠷᠲᠡᠯ᠎ᠡ᠂ ᠦᠴᠦᠭᠡᠨ ᠵᠢᠵᠢᠭ | ᠪᠣᠳᠠᠲᠤ ᠶᠠᠪᠤᠳᠠᠯ ᠠᠴᠠ ᠡᠬᠢᠯᠡᠨ ᠬᠢᠵᠦ᠂ ᠨᠡᠶᠢᠭᠡᠮ ᠲᠣᠭᠤᠷᠢᠭ ᠤᠨ ᠵᠠᠰᠠᠯᠲᠠ ᠶᠢ ᠠᠬᠢᠭᠤᠯᠤᠨ ᠡᠶ᠎ᠡ ᠵᠤᠬᠢᠴᠠᠯᠳᠦ | ᠨᠡᠶᠢᠭᠡᠮ ᠳᠤᠭᠤᠷᠢᠬ ᠢ ᠪᠤᠯᠭᠠᠪᠠ᠃ | ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠬᠠᠪᠰᠤᠷᠤᠨ ᠳᠡᠳᠬᠦᠨ ᠬᠠᠶᠢᠷ᠎ᠠ ᠬᠠᠯᠠᠮᠵᠢ ᠬᠦᠷᠳᠡᠭᠡᠪᠡ᠃ | ᠵᠢᠶᠠᠨ ᠹᠧᠩ ᠨᠡᠶᠢᠭᠡᠮ ᠲᠣᠭᠤᠷᠢᠭ ᠲᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠭᠡ ᠪᠠ ᠣᠨᠴᠠ | ᠬᠦᠴᠢᠷᠳᠡᠯᠲᠡᠶ ᠬᠡᠷ ᠪᠦᠯᠢ ᠨᠢ ᠢᠮᠠᠭᠲᠠ ᠨᠡᠶᠢᠭᠡᠮ ᠳᠤᠭᠤᠷᠢᠬ ᠤᠨ ᠠᠵᠢᠯᠲᠠᠳ ᠤᠨ ᠬᠠᠮᠤᠬ ᠠᠴᠠ ᠠᠩᠬᠠᠷᠬᠤ᠂ | ᠬᠠᠮᠤᠬ ᠠᠴᠠ ᠬᠠᠯᠠᠮᠵᠢᠯᠠᠬᠤ ᠬᠦᠮᠦᠰ ᠪᠤᠯᠵᠦ ᠪᠠᠶᠢᠳᠠᠬ᠃ ᠳ᠋ᠧ ᠷᠦᠨ ᠵᠢᠶᠠ ᠶᠤᠸᠠᠨ ᠲᠣᠭᠤᠷᠢᠭ ᠲᠤ ᠰᠠᠭᠤᠵᠤ | ᠪᠠᠶᠢᠭ᠎ᠠ ᠯᠢ ᠵᠢᠶᠠ ᠵᠢᠩ ᠤᠨ ᠠᠪᠤ ᠡᠵᠢ ᠨᠢ ᠵᠢᠯ ᠲᠤᠷᠰᠢ ᠭᠠᠳᠠᠭᠰᠢ ᠭᠠᠷᠴᠤ ᠬᠥᠯᠥᠰᠥᠨ ᠠᠵᠢᠯ ᠬᠢᠵᠦ ᠶᠠᠪᠤᠭ᠎ᠠ | ᠤᠴᠢᠷ ᠠᠴᠠ ᠳᠡᠷᠡ ᠨᠠᠰᠤ ᠠᠬᠢᠭᠰᠠᠨ ᠡᠪᠦᠭᠡ ᠪᠠ ᠵᠡᠮᠳᠡᠭ ᠡᠮᠡᠭᠡ ᠲᠠᠢ ᠪᠠᠨ ᠬᠠᠮᠲᠤ ᠠᠮᠢᠳᠤᠷᠠᠵᠤ ᠪᠠᠶᠢᠳᠠᠭ᠃ | ᠨᠡᠶᠢᠭᠡᠮ ᠲᠣᠭᠤᠷᠢᠭ ᠤᠨ ᠳᠤᠤᠷᠵᠢᠭᠤᠯᠤᠬᠴᠢ ᠡᠷᠦᠭᠡ ᠪᠠᠷ ᠬᠦᠨᠵᠡᠭᠡᠶᠢᠷᠡᠨ ᠰᠤᠷᠪᠤᠯᠵᠢᠯᠠᠬᠤ ᠳᠤᠮᠳᠠ ᠪᠠᠨ ᠡᠨᠡᠬᠦ | ᠪᠠᠶᠢᠳᠡᠯ ᠢ ᠤᠶᠢᠯᠠᠭᠠᠨ᠂ ᠳᠡᠷᠡ ᠳᠠᠷᠤᠢ ᠨᠡᠶᠢᠭᠡᠮ ᠳᠤᠭᠤᠷᠢᠬ ᠲᠤ ᠮᠡᠳᠡᠬᠦᠯᠵᠦ᠂ ᠭᠡᠷ ᠪᠦᠯᠢ ᠳᠤᠨᠢ ᠨᠡᠶᠢᠭᠡᠮ ᠤᠨ | ᠪᠠᠲᠤᠯᠠᠭ᠎ᠠ ᠶᠢ ᠭᠤᠶᠤᠴᠢᠯᠠᠵᠤ ᠥᠭᠭᠦᠭᠰᠡᠨ ᠢᠶᠠᠷ ᠪᠠᠷᠠᠬᠤ ᠦᠭᠡᠢ᠂ ᠪᠠᠰᠠ ᠴᠠᠭᠠᠨ ᠰᠠᠷ᠎ᠠ᠂ ᠨᠠᠢᠮᠠᠨ ᠰᠠᠷ᠎ᠠ ᠶᠢᠨ | ᠲᠡᠷᠭᠡᠯ ᠪᠠᠶᠠᠷ ᠵᠡᠷᠭᠡ ᠪᠠᠶᠠᠷ ᠳᠤᠷᠠᠰᠬᠠᠯ ᠤᠨ ᠡᠳᠦᠷ ᠲᠤ ᠭᠤᠯᠢᠷ ᠲᠣᠰᠣ ᠪᠤᠯᠤᠨ ᠰᠢᠨ᠎ᠡ ᠬᠤᠪᠴᠠᠰᠤ ᠬᠤᠨᠠᠷ | ᠬᠦᠷᠭᠡᠭᠰᠡᠨ ᠪᠠᠶᠢᠨ᠎ᠠ᠃ | ︽ᠨᠡᠶᠢᠭᠡᠮ ᠲᠣᠭᠤᠷᠢᠭ ᠠᠴᠠ ᠤᠮᠪᠤᠯᠤ ᠦᠬᠢᠨ ᠤ ᠰᠤᠷᠤᠯᠴᠠᠯᠭ᠎ᠠ ᠳᠤ ᠬᠠᠪᠰᠤᠷᠤᠮᠵᠢ ᠳᠡᠮᠵᠢᠯᠭᠡ | ᠦᠵᠡᠬᠦᠯᠵᠦ ᠪᠠᠶᠢᠬᠤ ᠪᠠᠷ ᠪᠠᠷᠠᠬᠤ ᠦᠭᠡᠢ᠂ ᠮᠠᠨ ᠤ ᠡᠳᠦᠷ ᠳᠤᠳᠤᠮ ᠤᠨ ᠠᠮᠢᠳᠤᠷᠠᠯ ᠳᠤ ᠪᠠᠰᠠ ᠬᠠᠯᠠᠮᠵᠢᠯᠠᠯ | ᠦᠵᠡᠬᠦᠯᠵᠦ ᠪᠤᠢ︾ ᠭᠡᠵᠦ ᠯᠢ ᠵᠢᠶᠠ ᠵᠢᠩ ᠤᠨ ᠡᠪᠦᠭᠡ ᠨᠢ ᠨᠡᠶᠢᠭᠡᠮ ᠳᠤᠭᠤᠷᠢᠬ ᠤᠨ ᠠᠵᠢᠯᠳᠡᠨ ᠳᠤ ᠳᠠᠯᠠᠷᠬᠠᠬᠰᠠᠨ | ᠰᠡᠳᠬᠢᠯᠭᠡ ᠪᠠᠨ ᠢᠯᠡᠳᠭᠡᠨ᠎ᠠ᠃ ᠡᠶᠢᠮᠦᠷᠬᠦᠦ ᠬᠠᠶᠢᠷ᠎ᠠ ᠬᠠᠯᠠᠮᠵᠢᠳᠦ ᠠᠵᠢᠯᠯᠠᠭ᠎ᠠ ᠨᠢ ᠵᠢᠶᠠᠨ ᠹᠧᠩ ᠨᠡᠶᠢᠭᠡᠮ | ᠲᠣᠭᠤᠷᠢᠭ ᠲᠤ ᠨᠡᠶᠢᠳᠡᠮ ᠦᠷᠨᠢᠬᠦᠯᠦᠭᠳᠡᠵᠦ ᠪᠤᠢ᠂ ᠳᠤᠰ ᠨᠡᠶᠢᠭᠡᠮ ᠳᠤᠭᠤᠷᠢᠬ ᠬᠠᠪᠰᠤᠷᠤᠨ ᠲᠡᠳᠬᠦᠬᠦ ᠲᠠᠩᠰᠠ | ᠪᠠᠶᠢᠭᠤᠯᠬᠤ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠤᠷ ᠢ ᠠᠯᠬᠤᠮ ᠠᠯᠬᠤᠮ ᠢᠶᠠᠷ | ᠨᠢᠭᠲᠠ ᠰᠦᠯᠵᠢᠵᠦ᠂ ᠬᠦᠴᠢᠷᠳᠡᠯᠲᠡᠶ ᠣᠯᠠᠨ ᠲᠦᠮᠡᠨ ᠨᠢᠭᠡᠪᠦᠷᠢ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ | ᠬᠠᠯᠠᠮᠵᠢ ᠶᠢ ᠮᠡᠳᠡᠷᠡᠭᠦᠯᠵᠦ ᠪᠠᠶᠢᠨ᠎ᠠ᠃ | ᠬᠡᠷ ᠤᠨ ᠡᠭᠦᠳᠡᠨ ᠳᠠᠬᠢ ᠪᠡᠶ᠎ᠡ ᠴᠢᠭᠢᠷᠠᠭᠵᠢᠭᠤᠯᠬᠤ ︽ᠴᠡᠩᠭᠡᠯ ᠤᠨ ᠬᠦᠷᠢᠶᠡᠯᠡᠩ︾ ᠨᠢ ᠠᠷᠠᠳ ᠤᠨ | ᠰᠡᠳᠭᠢᠯ ᠢ ᠳᠤᠯᠠᠭᠠᠴᠠᠭᠤᠯᠪᠠ᠃ ᠨᠢᠳᠤᠨᠤᠨ ᠵᠢᠯ᠂ ᠵᠢᠶᠠᠨ ᠹᠸᠡᠭ ᠨᠡᠶᠢᠭᠡᠮ ᠳᠤᠭᠤᠷᠢᠬ ᠠᠴᠠ ᠠᠷᠠᠳ ᠤᠨ ᠰᠠᠨᠠᠯ ᠢ | ᠬᠤᠷᠠᠮᠳᠤᠭᠤᠯᠵᠦ᠂ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠨᠡᠮᠡᠵᠦ ᠪᠠᠶᠢᠭᠤᠯᠬᠤ | ᠲᠤᠬᠠᠶ ᠬᠦᠰᠡᠯ ᠱᠠᠭᠠᠷᠳᠠᠯᠭ᠎ᠠ ᠲᠠᠢ ᠪᠠᠶᠢᠬᠤ ᠶᠢ ᠤᠯᠵᠦ ᠮᠡᠳᠡᠪᠡ᠂ ᠳᠡᠭᠡᠭᠡᠳ ᠠᠳᠠᠯ ᠠᠬᠤᠶ ᠶᠢᠨ ᠭᠠᠵᠠᠷ᠂ ᠠᠵᠢᠯ | ᠦᠢᠯᠡᠰ ᠤᠨ ᠵᠥᠪᠯᠡᠯ ᠵᠡᠷᠭᠡ ᠲᠠᠢ ᠬᠤᠯᠪᠤᠭᠠᠯᠠᠨ ᠬᠦᠳᠡᠯᠤᠯᠴᠡᠨ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ | ᠴᠡᠴᠡᠷᠯᠢᠭ ᠤᠨ ᠬᠠᠵᠠᠭᠤ ᠳᠠᠬᠢ ᠰᠤᠯᠠ ᠪᠠᠶᠢᠭ᠎ᠠ ᠭᠠᠵᠠᠷ ᠲᠤ ᠪᠡᠶ᠎ᠠ ᠴᠢᠬᠢᠷᠠᠬᠵᠢᠭᠤᠯᠬᠤ ᠲᠦᠬᠦᠭᠡᠷᠤᠮᠵᠢ | ᠤᠬᠰᠠᠷᠠᠬᠤ ᠪᠠᠷ ᠲᠣᠭᠲᠠᠭᠠᠵᠠᠶ᠃ 2024 ᠣᠨ ᠤ 6 ᠰᠠᠷ᠎ᠠ ᠳᠤ᠂ ᠪᠠᠭ᠎ᠠ ᠳᠤᠭᠤᠷᠢᠬ ᠲᠤ ᠡᠯ᠎ᠠ ᠲᠦᠷᠦᠯ ᠤᠨ | ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠤᠬᠰᠠᠷᠠᠬᠰᠠᠨ ᠮᠦᠷᠳᠡᠭᠡᠨ ᠪᠠᠰᠠ ᠰᠠᠶᠢᠨ ᠳᠤᠷ᠎ᠠ ᠶᠢᠨ | ᠦᠢᠯᠡᠴᠢᠯᠡᠭᠡᠨ ᠤ ᠠᠩᠬᠢ ᠵᠣᠬᠢᠶᠠᠨ ᠪᠠᠶᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ | ᠬᠠᠮᠠᠭᠠᠯᠠᠬᠤ ᠶᠢᠨ ᠬᠠᠮᠲᠤ ᠪᠡᠶ᠎ᠡ ᠴᠢᠭᠢᠷᠠᠭᠵᠢᠭᠤᠯᠬᠤ ᠰᠤᠷᠭᠠᠭᠴᠢ ᠶᠢᠨ ᠠᠵᠢᠯ ᠢ ᠡᠬᠦᠷᠭᠡᠯᠡᠬᠦᠯᠵᠦ᠂ ︽ | ᠤᠭᠰᠠᠷᠠᠬᠤ ᠳᠤ ᠬᠤᠷᠳᠤᠴᠠ ᠲᠠᠢ᠂ ᠬᠠᠮᠢᠶᠠᠷᠤᠯᠲᠠ ᠳᠤ ᠬᠠᠯᠠᠭᠤᠨ ᠳᠤᠯᠠᠭᠠᠨ︾ ᠪᠠᠶᠢᠬᠤ ᠶᠢ ᠦᠨᠡᠨ ᠬᠦ | ᠪᠡᠶᠡᠯᠡᠭᠦᠯᠪᠡ᠃ | ︽ᠨᠠᠮ ᠤᠨ ᠭᠡᠰᠢᠭᠦᠨ ᠤ ᠭᠤᠣᠯᠯᠠᠬᠤ ᠡᠷᠦᠬᠡ︾ ᠨᠢ ᠨᠠᠮ ᠪᠠ ᠣᠯᠠᠨ ᠲᠦᠮᠡᠨ ᠤ ᠰᠡᠳᠭᠢᠯ ᠵᠢᠷᠦᠬᠡ ᠪᠠᠨ | ᠬᠤᠯᠪᠣᠬᠤ ᠬᠥᠭᠦᠷᠭᠡ ᠪᠤᠯᠪᠠ᠃ ᠵᠢᠶᠠᠨ ᠹᠧᠩ ᠨᠡᠶᠢᠭᠡᠮ ᠲᠣᠭᠤᠷᠢᠭ ᠠᠴᠠ ᠣᠯᠠᠨ ᠲᠦᠮᠡᠨ ᠢ ᠬᠦᠳᠤᠯᠤᠨ | ᠵᠢᠯᠤᠭᠤᠳᠴᠦ ᠪᠠᠶᠢᠭᠠᠳ ᠨᠠᠮ ᠤᠨ ᠭᠡᠰᠢᠭᠦᠨ ᠤ ᠭᠤᠤᠯᠯᠠᠭᠴᠢ ᠬᠦᠴᠦᠨ ᠢ ᠰᠤᠩᠭᠤᠨ ᠭᠠᠷᠭᠠᠵᠦ᠂ ︽ᠨᠠᠮ ᠤᠨ | ᠭᠡᠰᠢᠬᠦᠨ ᠤ ᠭᠤᠤᠯᠯᠠᠬᠤ ᠡᠷᠦᠭᠡ︾ ᠪᠠᠷ ᠨᠡᠷᠡᠯᠡᠨ᠂ ᠠᠵᠢᠯ ᠤᠨ ᠴᠢᠯᠦᠭᠡ ᠵᠠᠪ ᠢᠶᠠᠷ ᠢᠶᠠᠨ ᠰᠠᠭᠤᠭᠠᠯᠢ ᠠᠷᠠᠳ ᠤᠨ | ᠬᠦᠴᠢᠷᠳᠡᠵᠦ ᠵᠤᠪᠠᠨᠢᠵᠦ ᠰᠠᠨᠠᠭᠠᠰᠢᠷᠠᠵᠦ ᠬᠦᠰᠡᠨ ᠱᠠᠭᠠᠷᠳᠠᠵᠦ ᠪᠠᠶᠢᠭ᠎ᠠ ᠵᠦᠢᠯ ᠤᠳ ᠢ ᠴᠤᠭᠯᠠᠭᠤᠯᠵᠤ᠂ ︽ᠨᠢᠭᠡ | ᠨᠠᠮ ᠤᠨ ᠭᠡᠰᠢᠬᠦᠨ ᠤ ᠭᠤᠤᠯᠯᠠᠬᠤ ᠡᠷᠦᠬᠡ ᠤᠯᠠᠨ ᠡᠷᠦᠭᠡ ᠶᠢ ᠳᠠᠶᠢᠴᠢᠯᠡᠬᠤ︾ ᠵᠠᠰᠠᠯᠲᠠ ᠶᠢᠨ ᠲᠣᠤᠷ ᠢ ᠪᠠᠶᠢᠭᠤᠯᠪᠠ | ᠃ ᠣᠳᠣᠬᠠᠨ ᠪᠣᠯᠲᠠᠯ᠎ᠠ᠂ ︽ᠨᠠᠮ ᠤᠨ ᠭᠡᠰᠢᠭᠦᠨ ᠤ ᠭᠤᠤᠯᠯᠠᠬᠤ ᠡᠷᠦᠬᠡ︾ ᠪᠠᠷ ᠳᠠᠮᠵᠢᠭᠤᠯᠤᠨ ᠴᠠᠬᠢᠯᠭᠠᠨ ᠱᠠᠲᠤ᠂ | ᠲᠡᠷᠭᠡᠨ ᠵᠤᠬᠰᠤᠭᠠᠯ ᠤᠨ ᠲᠥᠯᠥᠪᠵᠢᠭᠦᠯᠭᠡ ᠵᠡᠷᠭᠡ 15 ᠵᠦᠢᠯ ᠤᠨ ᠠᠷᠠᠳ ᠤᠨ ᠠᠮᠢᠳᠤᠷᠠᠯ ᠤᠨ ᠬᠦᠰᠡᠯ | ᠱᠠᠭᠠᠷᠳᠠᠯᠭ᠎ᠠ ᠶᠢ ᠨᠢᠭᠡᠨᠲᠡ ᠴᠤᠭᠯᠠᠭᠤᠯᠤᠨ ᠰᠶᠢᠳᠪᠦᠷᠢᠯᠡᠭᠰᠡᠨ ᠪᠥᠭᠡᠳ ︽ᠬᠤᠭᠤᠴᠠᠭ᠎ᠠ ᠬᠢᠵᠠᠭᠠᠷᠯᠠᠨ ᠲᠦᠷᠭᠡᠨ | ᠰᠢᠢᠳᠪᠦᠷᠢᠯᠡᠬᠦ᠂ ᠲᠤᠰᠬᠠᠶ ᠰᠡᠳᠦᠪᠲᠦ ᠬᠤᠷᠠᠯ ᠢᠶᠠᠷ ᠵᠦᠪᠳᠡᠯᠴᠡᠨ ᠰᠶᠢᠳᠪᠦᠷᠢᠯᠡᠬᠦ᠂ ᠳᠡᠭᠡᠭᠰᠢ ᠮᠡᠳᠡᠭᠦᠯᠦᠨ | ᠰᠢᠢᠳᠪᠦᠷᠢᠯᠡᠭᠦᠯᠬᠦ︾ ᠭᠤᠷᠪᠠᠨ ᠱᠠᠲᠤᠨ ᠤ ᠴᠤᠤᠷᠢᠶᠠᠳᠤᠨ ᠳᠠᠭᠠᠬᠤ ᠲᠣᠭᠲᠠᠴᠠ ᠳᠤ ᠲᠦᠰᠢᠭᠯᠡᠨ᠂ ᠠᠰᠠᠭᠤᠳᠠᠯ ᠢ | 100% ᠪᠠᠷ ᠰᠢᠢᠳᠪᠤᠷᠢᠯᠡᠬᠦ ᠶᠢ ᠪᠡᠶᠡᠯᠡᠭᠦᠯᠪᠡ᠃ ︽ᠠᠰᠠᠭᠤᠳᠠᠯ ᠲᠠᠢ ᠪᠣᠯ ᠨᠠᠮ ᠤᠨ ᠭᠡᠰᠢᠭᠦᠨ ᠤ ᠭᠤᠣᠯᠯᠠᠬᠤ | ᠡᠷᠦᠬᠡ ᠶᠢ ᠡᠷᠢᠨ ᠰᠠᠨᠠᠯ ᠢᠶᠠᠨ ᠳᠠᠪᠰᠢᠬᠦᠯᠵᠦ᠂ ᠭᠤᠮᠤᠳᠠᠯ ᠢᠶᠠᠨ ᠳᠤᠭᠠᠴᠢᠵᠦ ᠪᠤᠯᠤᠨ᠎ᠠ︾ ᠭᠡᠵᠦ ᠨᠢᠭᠡᠨ ᠰᠠᠭᠤᠭᠠᠯᠢ | ᠠᠷᠠᠳ ᠶᠠᠷᠢᠵᠦ ᠪᠠᠶᠢᠯ᠎ᠠ᠃ | ᠨᠠᠷᠢᠨ ᠵᠦᠢᠯᠡᠰ ᠢ ᠪᠣᠳᠣᠯᠬᠢᠯᠠᠨ᠂ ᠵᠠᠩᠭᠢᠯᠠᠭ᠎ᠠ ᠶᠢᠨ ᠲᠠᠯ᠎ᠠ ᠳᠤ ᠬᠦᠴᠦᠯᠡᠪᠠ᠃ ᠤᠯᠠᠭᠠᠨᠬᠤᠲᠠ ᠶᠢᠨ | ᠳᠡᠭᠦᠯᠢᠨ ᠵᠡᠭᠡᠯᠢ ᠶᠢᠨ ᠵᠢᠶᠠᠨ ᠹᠧᠩ ᠨᠡᠶᠢᠭᠡᠮ ᠲᠣᠭᠤᠷᠢᠭ ᠶᠠᠭ ᠪᠣᠳᠠᠲᠠᠶ ᠠᠵᠢᠯᠯᠠᠭ᠎ᠠ ᠪᠠᠷ ᠢᠶᠠᠨ ᠣᠭ ᠰᠠᠨᠠᠭ᠎ᠠ ᠪᠠᠨ | ᠦᠢᠯᠡᠳᠦᠯᠭᠡᠵᠢᠭᠦᠯᠵᠦ᠂ ᠨᠡᠶᠢᠭᠡᠮ ᠤᠨ ᠵᠠᠰᠠᠯᠳᠠ ᠶᠢᠨ ᠲᠣᠤᠷ ᠢ ᠨᠢᠭᠲᠠ ᠰᠦᠯᠵᠢᠬᠦ᠂ ᠦᠢᠯᠡᠴᠢᠯᠡᠭᠡᠨ ᠤ ᠬᠡᠯᠬᠢᠶ᠎ᠡ ᠶᠢ | ᠲᠡᠭᠦᠯᠳᠡᠷᠵᠢᠭᠦᠯᠬᠦ᠂ ᠵᠠᠰᠠᠯᠲᠠ ᠶᠢᠨ ᠴᠢᠳᠠᠪᠤᠷᠢ ᠶᠢ ᠬᠥᠭᠵᠢᠭᠡᠬᠦ ᠪᠠᠷ ᠳᠠᠮᠵᠢᠭᠤᠯᠤᠨ᠂ ᠦᠷᠭᠦᠯᠵᠢᠯᠡᠨ ᠡᠷᠴᠢᠮ ᠲᠠᠢ᠂ | ᠨᠠᠷᠢᠯᠢᠬ ᠤᠨᠤᠴᠠᠳᠠᠢ᠂ ᠬᠠᠶᠢᠷ᠎ᠠ ᠬᠠᠯᠠᠮᠵᠢ ᠲᠠᠢ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠦ᠂ ᠤᠯᠠᠨ | ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠦ ᠲᠦᠷᠦᠭᠳᠡᠯ ᠢ ᠳᠠᠰᠤᠷᠠᠯᠳᠠ ᠦᠭᠡᠢ ᠳᠡᠭᠡᠭᠰᠢᠯᠡᠬᠦᠯᠵᠦ | ᠪᠤᠢ᠃ ︵ᡁᠢ ᠮᠢᠨ ᠬᠤᠸᠠᠩ ᠶᠠᠨ︶ | | | |