| ︵ᠰᠤᠷᠪᠤᠯᠵᠢᠯᠠᠬᠴᠢ ᠬᠣ᠋ ᡁᠢ ᠮᠢᠨ︶ 5 ᠰᠠᠷ᠎ᠠ ᠶᠢᠨ 29 ᠤ ᠡᠳᠦᠷ᠂ ᠤᠯᠠᠭᠠᠨᠬᠤᠳᠠ ᠶᠢᠨ ᠱᠸᠡᠭᠯᠢ | ᠵᠡᠭᠡᠯᠢ ᠶᠢᠨ ᠭᠡᠷᠡᠭ ᠡᠷᠬᠢᠯᠡᠬᠦ ᠭᠠᠵᠠᠷ ︽ᠠᠨᠠᠷ ᠤᠨ ᠦᠷ᠎ᠠ ᠶᠢᠨ ᠬᠦᠷᠰᠢ ᠵᠡᠷᠭᠡᠯᠡᠳᠡᠭᠡ ᠶᠢᠨ ᠰᠤᠶᠤᠯ ᠤᠨ ᠨᠠᠶᠢᠷ ᠵᠢᠴᠢ | ᠨᠠᠮ ᠤᠨ ᠪᠠᠶᠢᠭᠤᠯᠤᠯᠳᠠ ᠶᠢᠨ ᠲᠦᠷᠦᠯ ᠵᠦᠢᠯ ᠢ ᠳᠡᠭᠡᠭᠰᠢᠯᠡᠬᠦᠯᠬᠦ︾ ᠪᠠᠷ ᠰᠡᠳᠦᠪᠯᠡᠭᠰᠡᠨ ᠳᠠᠪᠤᠨ ᠰᠠᠷ᠎ᠠ ᠶᠢᠨ | ᠰᠢᠨ᠎ᠡ ᠶᠢᠨ ᠳᠠᠪᠤᠨ ᠤ ᠡᠳᠦᠷ ᠢ ᠲᠤᠷᠠᠰᠬᠠᠬᠤ ᠠᠵᠢᠯᠯᠠᠭ᠎ᠠ ᠦᠷᠨᠢᠬᠦᠯᠵᠦ᠂ ᠤᠯᠠᠨ ᠲᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠬᠵᠢᠭᠤᠯᠤᠬᠰᠠᠨ ᠪᠦᠭᠡᠳ ᠬᠠᠷᠢᠶᠠᠳᠦ ᠤᠷᠤᠨ ᠤ ᠦᠨᠳᠦᠰᠦᠳᠡᠨ ᠨᠦᠭᠦᠳ ᠤᠨ ᠰᠤᠶᠤᠯ ᠤᠨ | ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠂ ᠪᠠᠶᠢᠭᠤᠯᠭ᠎ᠠ ᠨᠢᠭᠡᠴᠢ ᠶᠢᠨ ᠬᠤᠭᠤᠷᠤᠨᠳᠤᠬᠢ ᠨᠦᠬᠦᠷᠯᠡᠯ ᠢ | ᠪᠠᠳᠤᠳᠬᠠᠬᠰᠠᠨ ᠪᠠᠶᠢᠨ᠎ᠠ᠃ | ᠦᠳᠡ ᠶᠢᠨ ᠡᠮᠦᠨᠡᠬᠢ 9 ᠴᠠᠬ ᠲᠤ᠂ ᠤᠯᠠᠭᠠᠨᠬᠤᠳᠠ ᠶᠢᠨ ᠱᠸᠡᠭᠯᠢ ᠵᠡᠭᠡᠯᠢ ᠶᠢᠨ ᠭᠡᠷᠡᠭ ᠡᠷᠬᠢᠯᠡᠬᠦ | ᠭᠠᠵᠠᠷ ᠤᠨ ᠠᠯᠪᠠᠨ ᠠᠰᠠᠷ ᠤᠨ ᠡᠮᠦᠨ᠎ᠡ ᠲᠠᠯ᠎ᠠ ᠶᠢᠨ ᠠᠭᠤᠳᠠᠮ ᠲᠠᠯᠠᠪᠠᠢ ᠳᠤ ᠬᠦᠷ ᠬᠦᠭᠵᠢᠶᠡᠨ ᠢᠶᠠᠷ ᠪᠢᠯᠬᠠᠨ᠂ | ᠵᠠᠷᠢᠮ ᠨᠢ ᠳᠡᠯᠭᠡᠭᠡ ᠮᠠᠶᠢᠮᠠᠢ ᠶᠢᠨ ᠭᠠᠵᠠᠷ ᠢᠶᠠᠷ ᠦᠨᠳᠦᠰᠦᠳᠡᠨ ᠤ ᠤᠨᠴᠠᠯᠢᠬ ᠲᠠᠢ ᠡᠳ᠋ ᠪᠠᠷᠠᠭ᠎ᠠ ᠪᠠ ᠢᠳᠡᠭᠡᠨ | ᠤᠮᠳᠠᠭᠠᠨ ᠰᠤᠩᠭᠤᠨ ᠠᠪᠴᠦ᠂ ᠵᠠᠷᠢᠮ ᠨᠢ ᠦᠨᠳᠦᠰᠦᠳᠡᠨ ᠤ ᠤᠨᠴᠠᠯᠢᠬᠳᠦ ᠳᠠᠭᠤᠤ ᠪᠦᠵᠢᠭ ᠰᠤᠨᠢᠷᠬᠠᠵᠦ᠂ | ᠵᠠᠷᠢᠮ ᠨᠢ ᠡᠮᠴᠢ ᠠᠵᠢᠯᠳᠡᠳ ᠤᠨ ᠡᠷᠡᠬᠦᠯ ᠮᠡᠨᠳᠦ ᠶᠢᠨ ᠳᠠᠶᠢᠯᠤᠮᠵᠢ᠂ ᠭᠠᠯ ᠰᠡᠷᠭᠡᠶᠢᠯᠡᠵᠦ ᠭᠠᠯ ᠤᠨᠳᠠᠷᠠᠭᠠᠬᠤ | ᠮᠡᠳᠡᠯᠭᠡ ᠶᠢᠨ ᠳᠠᠶᠢᠯᠤᠮᠵᠢ᠂ ᠦᠨᠳᠦᠰᠦᠳᠡᠨ ᠤ ᠤᠨᠤᠯ ᠪᠠ ᠲᠦᠷᠦ ᠶᠢᠨ ᠪᠤᠳᠤᠯᠭ᠎ᠠ ᠶᠢᠨ ᠮᠡᠳᠡᠯᠭᠡ ᠶᠢᠨ | ᠳᠠᠶᠢᠯᠤᠮᠵᠢ ᠶᠢ ᠰᠤᠨᠤᠰᠴᠦ᠂ ᠪᠠᠰᠠ ᠵᠠᠷᠢᠮ ᠨᠢ ᠶᠠᠳᠠᠭᠤ ᠬᠦᠴᠢᠷᠳᠠᠯᠳᠠᠢ ᠨᠡᠶᠢᠭᠡᠮ ᠳᠤᠭᠤᠷᠢᠬ ᠤᠨ ᠰᠠᠭᠤᠭᠠᠯᠢ | ᠠᠷᠠᠳ ᠢ ᠬᠠᠪᠰᠤᠷᠤᠨ ᠳᠡᠳᠬᠦᠬᠦ ᠠᠵᠢᠯᠯᠠᠭ᠎ᠠ ᠳᠤ ᠤᠷᠤᠯᠴᠠᠵᠦ᠂ ᠬᠠᠷᠠᠭ᠎ᠠ ᠰᠤᠨᠤᠷ ᠢᠶᠠᠨ ᠪᠠᠶᠠᠰᠬᠠᠨ ᠠᠵᠢᠯᠯᠠᠭ᠎ᠠ ᠶᠢ | ᠨᠠᠩ ᠤᠳᠬ᠎ᠠ ᠳᠡᠬᠦᠯᠳᠡᠷ ᠪᠤᠯᠭᠠᠯ᠎ᠠ᠃ ᠱᠸᠡᠭᠯᠢ ᠵᠡᠭᠡᠯᠢ ᠶᠢᠨ ᠨᠠᠮ ᠤᠨ ᠶᠡᠷᠦᠩᠭᠡᠢ ᠡᠬᠦᠷ ᠤᠨ ᠬᠢᠨ ᠪᠠᠰᠠ ᠳᠤᠰ | ᠤᠳᠠᠭᠠᠨ ᠤ ᠠᠵᠢᠯᠯᠠᠭ᠎ᠠ ᠪᠠᠷ ᠠᠵᠠ ᠳᠤᠬᠢᠶᠠᠯ ᠪᠤᠯᠭᠠᠨ ᠬᠠᠷᠢᠶᠠᠳᠦ ᠤᠷᠤᠨ ᠤ ᠡᠯ᠎ᠠ ᠪᠠᠶᠢᠭᠤᠯᠭ᠎ᠠ ᠨᠢᠭᠡᠴᠢ ᠶᠢᠨ | ᠨᠠᠮ ᠤᠨ ᠶᠡᠷᠦᠩᠭᠡᠢ ᠡᠬᠦᠷ ᠲᠠᠢ ᠬᠠᠮᠳᠦ ᠪᠠᠷ ᠭᠤᠤᠯ ᠰᠡᠳᠦᠪᠳᠦ ᠨᠠᠮ ᠤᠨ ᠡᠬᠦᠷ ᠤᠨ ᠠᠵᠢᠯᠯᠠᠭ᠎ᠠ ᠦᠷᠨᠢᠬᠦᠯᠵᠦ᠂ | ᠵᠡᠭᠡᠯᠢ ᠭᠤᠳᠤᠮᠵᠢ ᠶᠢᠨ ᠪᠦᠳᠦᠭᠡᠨ ᠪᠠᠶᠢᠭᠤᠯᠤᠯᠳᠠ᠂ ᠦᠨᠳᠦᠰᠤᠨ ᠱᠠᠳᠤᠨ ᠤ ᠵᠠᠰᠠᠯᠳᠠ᠂ ᠰᠤᠶᠤᠯ ᠤᠨ ᠪᠦᠳᠦᠭᠡᠨ | ᠪᠠᠶᠢᠭᠤᠯᠤᠯᠳᠠ ᠵᠡᠷᠭᠡ ᠳᠤ ᠬᠤᠪᠢ ᠨᠡᠮᠡᠷᠢ ᠬᠠᠪᠰᠤᠷᠤᠮᠵᠢ ᠳᠡᠮᠵᠢᠯᠭᠡ ᠦᠵᠡᠬᠦᠯᠦᠭᠰᠡᠨ ᠪᠠᠶᠢᠭᠤᠯᠭ᠎ᠠ ᠨᠢᠭᠡᠴᠢ ᠪᠠ | ᠬᠤᠪᠢ ᠬᠦᠮᠦᠨ ᠢ ᠬᠦᠭᠢᠬᠦᠯᠤᠨ ᠱᠠᠩᠨᠠᠵᠦ᠂ ᠳᠠᠯᠠᠷᠬᠠᠯ ᠤᠨ ᠰᠡᠳᠬᠢᠯᠭᠡ ᠪᠠᠨ ᠢᠯᠡᠳᠭᠡᠵᠠᠢ᠃ | ᠳᠤᠰ ᠤᠳᠠᠭᠠᠨ ᠤ ᠠᠨᠠᠷ ᠤᠨ ᠦᠷ᠎ᠠ ᠶᠢᠨ ᠬᠦᠷᠰᠢ ᠵᠡᠷᠭᠡᠯᠡᠳᠡᠭᠡ ᠶᠢᠨ ᠰᠤᠶᠤᠯ ᠤᠨ ᠨᠠᠶᠢᠷ ᠵᠢᠴᠢ ᠨᠠᠮ ᠤᠨ | ᠪᠠᠶᠢᠭᠤᠯᠤᠯᠳᠠ ᠶᠢᠨ ᠲᠦᠷᠦᠯ ᠵᠦᠢᠯ ᠢ ᠳᠡᠭᠡᠭᠰᠢᠯᠡᠬᠦᠯᠬᠦ ᠠᠵᠢᠯᠯᠠᠭ᠎ᠠ ᠪᠠᠷ ᠳᠠᠮᠵᠢᠨ᠂ ᠤᠯᠠᠭᠠᠨᠬᠤᠳᠠ ᠶᠢᠨ ᠱᠸᠡᠭᠯᠢ | ᠵᠡᠭᠡᠯᠢ ᠶᠢᠨ ᠭᠡᠷᠡᠭ ᠡᠷᠬᠢᠯᠡᠬᠦ ᠭᠠᠵᠠᠷ ᠦᠨᠳᠦᠰᠤᠨ ᠱᠠᠳᠤᠨ ᠤ ᠨᠠᠮ ᠤᠨ ᠪᠠᠶᠢᠭᠤᠯᠤᠯᠳᠠ ᠶᠢ ᠤᠯᠠᠮ ᠨᠢᠭᠡ ᠠᠯᠬᠤᠮ | ᠵᠢᠷᠤᠮᠵᠢᠭᠤᠯᠵᠦ᠂ ᠦᠨᠳᠦᠰᠦᠳᠡᠨ ᠨᠦᠭᠦᠳ ᠤᠨ ᠬᠠᠷᠢᠯᠴᠠᠨ ᠬᠠᠪᠰᠤᠷᠤᠯᠴᠠᠵᠦ ᠬᠠᠷᠢᠯᠴᠠᠨ ᠠᠭᠤᠰᠤᠯᠴᠠᠬᠤ ᠶᠢ | ᠠᠬᠢᠭᠤᠯᠤᠬᠰᠠᠨ ᠪᠠᠶᠢᠨ᠎ᠠ᠃ | | | |