ᠭᠠᠩ ᠬᠤᠸᠠ ᠨᠡᠶᠢᠭᠡᠮ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠰᠠᠶᠢᠳᠤᠷ ᠦᠷᠨᠢᠬᠦᠯᠵᠠᠢ
ᠨᠡᠶᠢᠲᠡᠯᠡᠭᠰᠡᠨ ᠴᠠᠭ᠄
2025/6/3
        ᠤᠶᠢᠷ᠎ᠠ ᠶᠢᠨ ᠡᠳᠦᠷ᠂ ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠭᠠᠩ ᠬᠤᠸᠠ ᠨᠡᠶᠢᠭᠡᠮ ᠲᠣᠭᠤᠷᠢᠭ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠳ᠋ᠠᠪᠰᠢᠯᠳᠠ ᠶᠢᠨ ᠢᠷᠠᠭᠤ ᠳᠠᠭᠤᠯᠠᠯ ᠢ ᠳᠡᠯᠭᠡᠨ ᠦᠵᠡᠭᠦᠯᠪᠡ᠃        ᠠᠵᠢᠯᠯᠠᠭ᠎ᠠ ᠳᠤ᠂ ᠨᠡᠶᠢᠭᠡᠮ ᠲᠣᠭᠤᠷᠢᠭ ᠤᠨ ᠠᠵᠢᠯᠲᠠᠳ ︽ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠴᠢ︾ ᠪᠣᠯᠵᠤ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠲᠣᠭᠤᠷᠢᠨ ᠳᠤ᠂ ᠲᠤᠬᠠᠶ ᠶᠢᠨ ᠲᠠᠯᠠᠪᠤᠷ ᠲᠤ ᠲᠠᠶᠢᠯᠪᠤᠷᠢᠯᠠᠬᠤ᠂ ᠭᠠᠷ ᠳᠡᠪᠲᠡᠷ ᠲᠠᠷᠬᠠᠭᠠᠬᠤ ᠵᠡᠷᠭᠡ ᠬᠡᠯᠪᠡᠷᠢ ᠪᠠᠷ ᠥᠷᠭᠡᠨ ᠣᠯᠠᠨ ᠰᠠᠭᠤᠭᠠᠯᠢ ᠠᠷᠠᠳ ᠲᠤ ᠭᠦᠨᠵᠡᠭᠡᠶ ᠪᠥᠭᠡᠳ ᠣᠶᠢᠯᠠᠭᠠᠮᠵᠢᠲᠠᠶ ᠤᠬᠠᠭᠤᠯᠤᠨ ᠲᠠᠶᠢᠯᠪᠤᠷᠢᠯᠠᠯᠳᠠ ᠬᠢᠪᠡ᠃ ᠡᠭᠦᠨ ᠤ ᠬᠠᠮᠲᠤ᠂ ᠭᠠᠩ ᠬᠤᠸᠠ ᠨᠡᠶᠢᠭᠡᠮ ᠲᠣᠭᠤᠷᠢᠭ ᠤᠨ ᠬᠢᠨ ᠬᠢᠩᠭᠠᠨ ᠠᠶᠢᠮᠠᠭ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠲᠠᠢ ᠬᠠᠮᠲᠤᠷᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠲᠤ ᠴᠢᠰᠤᠨ ᠳᠠᠷᠤᠯᠲᠠ ᠶᠢ ᠬᠡᠮᠵᠢᠬᠦ᠂ ᠰᠣᠨᠣᠷ ᠤᠨ ᠪᠠᠶᠢᠴᠠᠭᠠᠯᠲᠠ ᠬᠢᠬᠦ᠂ ᠡᠷᠡᠭᠦᠯᠵᠢᠯ ᠤᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠰᠠᠭᠤᠭᠠᠯᠢ ᠠᠷᠠᠳ ᠤᠨ ᠲᠤᠰᠠᠯᠠᠬᠤ ᠪᠠᠭᠠᠵᠢ ᠬᠡᠷᠡᠭᠯᠡᠬᠦ ᠪᠠ ᠡᠷᠡᠭᠦᠯᠵᠢᠭᠦᠯᠬᠦ ᠪᠣᠯᠪᠠᠰᠤᠷᠠᠯ ᠤᠨ ᠲᠠᠯ᠎ᠠ ᠪᠠᠷ ᠬᠢ ᠠᠰᠠᠭᠤᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠪᠠ᠃        ᠲᠣᠰ ᠤᠳᠠᠭᠠᠨ ᠤ ᠠᠵᠢᠯᠯᠠᠭ᠎ᠠ ᠨᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠣᠷᠭᠠᠨᠢᠭ ᠢᠶᠠᠷ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠤᠬᠰᠠᠨ ᠢᠶᠠᠷ ᠪᠠᠷᠠᠬᠤ ᠥᠬᠡᠶ ᠪᠠᠰᠠ ᠡᠷᠡᠭᠦᠯ ᠬᠠᠮᠠᠭᠠᠯᠠᠯ ᠬᠠᠶᠢᠷ᠎ᠠ ᠬᠠᠯᠠᠮᠵᠢᠯᠠᠯ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠨᠠᠮ ᠤᠨ ᠦᠨᠳᠦᠰᠦᠲᠡᠨ ᠤ ᠣᠨᠣᠯ ᠦᠨᠳᠦᠰᠦᠳᠡᠨ ᠤ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ᠂ ᠡᠶ᠎ᠡ ᠵᠣᠬᠢᠴᠠᠩᠭᠤᠶ ᠬᠡᠷ ᠣᠷᠣᠨ ᠢ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠬᠤᠸᠠᠩ ᠮᠢᠩ ᠵᠦ ᠮᠡᠳᠡᠭᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号