| 5 ᠰᠠᠷ᠎ᠠ ᠶᠢᠨ 30 ᠤ ᠡᠳᠦᠷ᠂ ᠬᠢᠩᠭᠠᠨ ᠠᠶᠢᠮᠠᠭ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ | ᠵᠢᠴᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ | ᠰᠦᠬᠡ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠤᠯᠴᠠᠯᠭ᠎ᠠ | ᠬᠥᠮᠦᠵᠢᠯ ᠤᠨ ᠨᠢᠭᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠥᠮᠦᠰ | ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠤᠯᠴᠠᠯᠭ᠎ᠠ ᠬᠥᠮᠦᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ | ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ | ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ | ᠰᠦᠬᠡ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠭᠰᠠᠨ ᠦᠷ᠎ᠡ | ᠪᠦᠲᠦᠮᠵᠢ ᠶᠢ ᠡᠷᠭᠢᠴᠡᠭᠦᠯᠪᠡ᠃ ᠲᠡᠷᠡ ᠬᠡᠯᠡᠭᠰᠡᠨ ᠨᠢ᠂ ᠰᠤᠷᠲᠠᠯ ᠤᠨ ᠪᠠᠶᠢᠭᠤᠯᠤᠯᠲᠠ ᠪᠣᠯ ᠨᠠᠮ ᠤᠨ | ᠪᠠᠶᠢᠭᠤᠯᠤᠯᠲᠠ ᠶᠢᠨ ᠥᠨᠢᠳᠡ ᠶᠢᠨ ᠭᠤᠣᠯ ᠰᠡᠳᠦᠪ ᠮᠥᠨ᠃ ᠠᠶᠢᠮᠠᠭ ᠳᠠᠶᠠᠭᠠᠷ ᠢᠶᠠᠨ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠵᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠳᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠳᠣᠯᠤᠭ᠎ᠠ ᠶᠢ ᠴᠢᠩᠭ᠎ᠠ ᠠᠳᠬᠤᠬᠤ︾ ᠦᠷ᠎ᠡ ᠪᠦᠲᠦᠮᠵᠢ ᠲᠤᠷᠰᠢᠯᠭ᠎ᠠ ᠶᠢ ᠰᠠᠶᠢᠲᠤᠷ | ᠰᠤᠷᠤᠯᠴᠠᠨ ᠬᠡᠷᠡᠭᠯᠡᠵᠦ᠂ ᠢᠮᠠᠭᠲᠠ ᠴᠢᠩᠭ᠎ᠠ ᠠᠷᠭ᠎ᠠ ᠬᠡᠮᠵᠢᠶ᠎ᠡ ᠪᠠ ᠪᠣᠳᠠᠲᠠᠶ ᠰᠤᠷᠲᠠᠯ ᠢᠶᠠᠷ ᠰᠤᠷᠤᠯᠴᠠᠯᠭ᠎ᠠ | ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ | ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠥᠬᠡᠶ ᠠᠬᠢᠭᠤᠯᠬᠤ ᠬᠡᠷᠡᠭᠲᠡᠶ᠃ ᠪᠦᠬᠦ ᠠᠶᠢᠮᠠᠭ ᠤᠨ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠬᠡᠷᠡᠭ ᠢᠶᠠᠷ ᠲᠤᠯᠢ ᠪᠣᠯᠭᠠᠨ᠂ | ᠨᠠᠮᠴᠢ ᠴᠢᠨᠠᠷ ᠢᠶᠠᠨ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠤ᠂ ᠵᠣᠷᠢᠯᠲᠠ ᠶᠢᠨ ᠤᠬᠠᠮᠰᠠᠷ ᠢ ᠪᠠᠲᠤ ᠪᠤᠢ | ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠡᠭᠦᠷᠭᠡᠯᠡᠯ ᠢᠶᠠᠨ ᠴᠢᠩᠭᠠᠳᠬᠠᠵᠤ᠂ ᠢᠯᠵᠠᠷᠡᠯ ᠢ | ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠢᠯ ᠬᠢᠵᠦ ᠦᠢᠯᠡᠰ ᠪᠤᠰᠬᠠᠬᠤ | ᠴᠤᠭ ᠰᠦᠯᠳᠡ ᠶᠢ ᠬᠥᠭᠵᠢᠭᠡᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ | ᠠᠬᠤᠢ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠪᠡ᠃ | ᠰᠦᠬᠡ ᠬᠡᠯᠡᠭᠰᠡᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠤᠨ᠎ᠠ᠃ ᠨᠢᠭᠡ ᠦᠶ᠎ᠡ ᠴᠢᠩᠭ᠎ᠠ ᠪᠠᠶᠢᠬᠤ᠂ ᠨᠢᠭᠡ ᠬᠡᠰᠡᠭ ᠭᠦᠨᠵᠡᠭᠡᠢ | ᠪᠠᠶᠢᠬᠤ᠂ ᠨᠢᠭᠡ ᠲᠡᠰ ᠳᠠᠪᠬᠤᠷᠭ᠎ᠠ ᠲᠠᠢ ᠪᠠᠶᠢᠬᠤ ᠶᠢ ᠪᠠᠷᠢᠮᠲᠠᠯᠠᠵᠤ᠂ ᠰᠤᠷᠤᠯᠴᠠᠯᠭ᠎ᠠ ᠶᠢᠨ ᠶᠠᠰᠤ ᠴᠢᠨᠠᠷ ᠢ | ᠴᠢᠨᠠᠭᠰᠢᠳᠠ ᠳᠡᠭᠡᠭᠰᠢᠯᠡᠭᠦᠯᠵᠦ᠂ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠥᠭᠡᠷᠡᠴᠢᠯᠡᠯᠲᠡ ᠶᠢᠨ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠢᠩᠭ᠎ᠠ | ᠠᠳᠬᠤᠵᠤ᠂ ᠬᠢᠨᠠᠨ ᠵᠢᠯᠣᠭᠤᠳᠬᠤ ᠶᠢ ᠬᠦᠴᠦᠲᠡᠢ ᠪᠦᠲᠦᠮᠵᠢᠲᠡᠢ ᠥᠷᠨᠢᠭᠦᠯᠵᠦ᠂ ᠱᠠᠳᠤ ᠲᠦᠷᠦᠯ ᠬᠤᠪᠢᠶᠠᠨ | ᠵᠢᠯᠣᠭᠤᠳᠬᠤ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠪᠣᠯᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠥᠯᠥᠪᠵᠢᠭᠦᠯᠵᠦ᠂ ᠬᠤᠶᠠᠷ ᠢ ᠠᠳᠬᠤᠵᠤ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃ | | ᠬᠤᠷᠠᠯ ᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ᠂ ᠰᠤᠮᠤ ᠰᠢᠶᠠᠩ ᠪᠠᠯᠭᠠᠰᠤᠨ ᠳᠤ | ᠶᠠᠪᠤᠭᠳᠠᠭᠤᠯᠵᠠᠢ᠃ ︵ᠬᠠᠨ ᠸᠧᠨ ᠪᠢᠨ ᠯᠢ ᠤᠭ᠍ᠶᠦ︶ | | | | |