ᠤᠯᠠᠭᠠᠨᠬᠤᠲᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/6/4
        ᠣᠶᠢᠷ᠎ᠠ ᠳᠤ᠂ ᠤᠯᠠᠭᠠᠨᠬᠤᠲᠠ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃ ᠪᠥᠬᠦ ᠬᠤᠲᠠ ᠶᠢᠨ 32 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠠᠵᠢᠯᠲᠠᠨ ᠨᠡᠶᠢᠲᠡ 400 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠵᠠᠢ᠃
1.jpg
        ᠪᠣᠯᠪᠠᠰᠤᠷᠠᠯ ᠤᠨ ᠠᠩᠭᠢ ᠳᠤ᠂ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠬᠠᠷᠢᠭᠤᠴᠠᠯᠭᠠᠲᠠᠨ ᠠᠴᠠ ᠤᠯᠠᠭᠠᠨᠬᠤᠲᠠ ᠶᠢᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠳᠦᠷᠢᠮᠵᠢᠭᠦᠯᠬᠦ ᠶᠢ ᠨᠡᠶᠢᠲᠡᠯᠡᠵᠦ᠂ ᠣᠯᠠᠨ ᠲᠦᠮᠡᠨ ᠤ ᠳᠡᠷᠭᠡᠳᠡᠬᠢ ᠪᠣᠳᠠᠲᠠᠶ ᠪᠣᠳᠠᠲᠤ ᠶᠠᠪᠤᠳᠠᠯ ᠤᠨ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠠᠬᠢᠭᠤᠯᠪᠠ᠃        ᠪᠣᠯᠪᠠᠰᠤᠷᠠᠯ ᠨᠢ ᠲᠤᠰᠬᠠᠶ ᠰᠡᠳᠦᠪ ᠢᠶᠠᠷ ᠬᠢᠴᠢᠶᠡᠯᠯᠡᠬᠦ᠂ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ᠂ ᠬᠠᠷᠢᠯᠴᠠᠨ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾᠂ ︽ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠵᠡᠷᠭᠡ ᠠᠭᠤᠯᠭ᠎ᠠ ᠳᠤ ᠴᠢᠭᠯᠡᠭᠦᠯᠦᠨ ᠲᠤᠰᠬᠠᠶ ᠰᠡᠳᠦᠪᠲᠦ ᠪᠣᠯᠪᠠᠰᠤᠷᠠᠯ ᠬᠢᠪᠡ᠃        ︽ᠡᠨᠡ ᠤᠳᠠᠭ᠎ᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠳᠠᠪᠤᠷᠢ ᠬᠡᠪ ᠴᠢᠨᠠᠷ ᠤᠨ ᠪᠣᠯᠪᠠᠰᠤᠷᠠᠯ ᠳᠤ ᠣᠷᠣᠯᠴᠠᠵᠤ᠂ ᠪᠢ ᠮᠠᠰᠢ ᠣᠯᠤᠯᠲᠠ ᠲᠠᠢ᠂ ᠰᠢᠨ᠎ᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠪᠠᠨ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠳᠠᠮᠵᠢᠨ ᠨᠠᠩ ᠵᠢᠷᠤᠮᠵᠢᠭᠰᠠᠨ ᠬᠠᠤᠯᠢ ᠬᠡᠷᠡᠭᠵᠢᠭᠦᠯᠬᠦ ᠶᠠᠪᠤᠴᠠ ᠶᠢ ᠡᠵᠡᠮᠰᠢᠭᠰᠡᠨ ᠪᠠᠶᠢᠨ᠎ᠠ᠃ ᠬᠤᠶᠢᠰᠢᠳᠠ ᠶᠢᠨ ᠠᠵᠢᠯ ᠳᠤᠮᠳᠠ᠂ ᠪᠢ ᠬᠠᠤᠯᠢ ᠬᠡᠷᠡᠭᠵᠢᠭᠦᠯᠬᠦ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠷᠴᠢᠮ ᠲᠠᠢ᠂ ᠨᠡᠩ ᠬᠠᠶᠢᠷ᠎ᠠ ᠰᠡᠳᠬᠢᠯᠭᠡ ᠲᠠᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠣᠯᠬᠤ ᠪᠠᠷ ᠴᠢᠷᠮᠠᠶᠢᠨ᠎ᠠ︾ ᠭᠡᠵᠦ ᠤᠯᠠᠭᠠᠨᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢ ᠬᠠᠤᠯᠢ ᠬᠡᠷᠡᠭᠵᠢᠭᠦᠯᠬᠦ ᠲᠣᠪᠴᠢᠶᠠᠨ ᠤ ᠬᠠᠤᠯᠢ ᠲᠦᠷᠢᠮ ᠤᠨ ᠠᠯᠪᠠᠨ ᠬᠡᠷ ᠤᠨ ᠡᠷᠬᠢᠯᠡᠭᠴᠢ ᠸᠠᠩ ᠯᠢ ᠫᠢᠩ ᠬᠡᠯᠡᠪᠡ᠃
2.jpg
        ︽ᠲᠣᠰ ᠤᠳᠠᠭᠠᠨ ᠤ ᠪᠣᠯᠪᠠᠰᠤᠷᠠᠯ ᠨᠢ ᠪᠥᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠬᠤ᠂ ᠬᠠᠤᠯᠢᠵᠢᠯ ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠨ ᠤ ᠬᠠᠮᠢᠶ᠎ᠠ ᠪᠦᠬᠦᠢ ᠠᠵᠢᠯᠲᠠᠨ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠡᠪ ᠴᠢᠨᠠᠷ ᠪᠠ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ︾ ᠭᠡᠵᠦ ᠤᠯᠠᠭᠠᠨᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶᠠᠨ ᠤ ᠳᠡᠳ᠋ ᠳᠠᠷᠤᠭ᠎ᠠ ᠵᠢᠶᠤᠤ ᡁᠢ ᠸᠧᠶ ᠬᠡᠯᠡᠪᠡ᠃   
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号