| | ᠤᠢᠢᠷ᠎ᠠ ᠶᠢᠨ ᠡᠳᠦᠷ ᠤᠳ ᠲᠤ᠂ ᠤᠯᠠᠭᠠᠨᠬᠤᠲᠠ ᠶᠢᠨ ᠡᠯ᠎ᠡ ᠭᠠᠵᠠᠷ ᠤᠨ ᠬᠢᠨ ᠲᠠᠷᠢᠶᠠᠯᠠᠭ᠎ᠠ ᠶᠢᠨ ᠴᠠᠭ ᠢ | ᠠᠮᠵᠢᠵᠤ᠂ ᠴᠢᠬᠢ ᠣᠷᠣᠭᠤᠯᠤᠨ ᠴᠢᠬᠢ ᠰᠠᠭᠤᠯᠭᠠᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ | ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠢ᠃ | ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤ ᠤᠰᠤᠨ ᠲᠠᠷᠢᠶᠠᠨ ᠳᠤ᠂ | ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ ᠶᠠᠭ ᠰᠠᠶ᠋ᠢᠬᠠᠨ ᠲᠠᠷᠢᠶᠠᠨ ᠭᠠᠵᠠᠷ ᠲᠤ ᠡᠮᠬᠢ ᠳᠢᠭᠯᠢᠮ ᠲᠠᠢ | ᠠᠵᠢᠯᠯᠠᠵᠤ᠂ ᠰᠠᠭᠤᠷᠢ ᠰᠠᠭᠤᠷᠢ ᠨᠢᠯᠬ᠎ᠠ ᠴᠢᠬᠢ ᠶᠢ ᠤᠰᠤᠨ ᠲᠠᠷᠢᠶᠠᠨ ᠳᠤ ᠵᠢᠭᠳᠡ ᠣᠷᠣᠭᠤᠯᠵᠤ᠂ ᠡᠨᠡ ᠬᠡᠰᠡᠭ | ᠭᠠᠵᠠᠷ ᠰᠢᠷᠣᠢ ᠳᠤ ᠠᠮᠢᠵᠢᠷᠠᠯ ᠤᠨ ᠬᠦᠴᠦᠨ ᠪᠠ ᠬᠦᠰᠡᠯ ᠡᠷᠡᠮᠡᠯᠵᠡᠯ ᠨᠡᠮᠡᠷᠢᠯᠡᠭᠰᠡᠨ ᠪᠠᠶᠢᠨ᠎ᠠ᠃ | ︽ᠮᠠᠨ ᠤ ᠭᠡᠷ ᠡᠨᠡ ᠵᠢᠯ 200 ᠮᠦ ᠤᠰᠤᠨ ᠲᠠᠷᠢᠶ᠎ᠠ ᠲᠠᠷᠢᠪᠠ᠂ ᠲᠠᠷᠢᠶᠠᠨ ᠤ ᠴᠢᠬᠢ ᠪᠠᠷᠢᠭᠰᠠᠨ ᠨᠢ | ᠮᠠᠰᠢ ᠰᠠᠶᠢᠨ᠃ ᠰᠠᠶᠢᠬᠠᠨ ᠠᠭᠤᠷ ᠠᠮᠢᠰᠬᠤᠯ ᠢ ᠠᠮᠵᠢᠨ ᠴᠢᠬᠢ ᠰᠠᠭᠤᠯᠭᠠᠪᠠ᠂ ᠬᠤᠷ᠎ᠠ ᠪᠣᠷᠣᠭᠠᠨ ᠲᠡᠭᠰᠢ ᠪᠣᠯ ᠡᠨᠡ | ᠵᠢᠯ ᠡᠯᠪᠡᠭ ᠬᠤᠷᠢᠶᠠᠯᠲᠠ ᠣᠯᠬᠤ ᠨᠢ ᠯᠠᠪᠲᠠᠢ︾ ᠭᠡᠵᠦ ᠲᠤᠰᠬᠤᠨ ᠤ ᠠᠷᠠᠳ ᠪᠠᠶ ᠪᠦᠦ ᠵᠠᠨ ᠬᠡᠯᠡᠨ᠎ᠡ᠃ | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠡᠨᠡ ᠵᠢᠯ ᠤᠨ ᠤᠰᠤᠨ | ᠲᠤᠲᠤᠷᠭ᠎ᠠ ᠲᠠᠷᠢᠬᠤ ᠲᠠᠯᠠᠪᠠᠶ 5 ᠲᠦᠮᠡᠨ ᠮᠥ ᠪᠠᠶᠢᠵᠤ᠂ 5 ᠰᠠᠷ᠎ᠠ ᠶᠢᠨ ᠡᠬᠢ ᠪᠠᠷ ᠴᠢᠬᠢ ᠰᠠᠭᠤᠯᠭᠠᠬᠤ ᠠᠵᠢᠯ | ᠨᠢᠭᠡᠨᠲᠡ ᠪᠥᠬᠦ ᠲᠠᠯ᠎ᠠ ᠪᠠᠷ ᠡᠬᠢᠯᠡᠵᠦ᠂ ᠣᠲᠣ ᠪᠣᠯᠲᠠᠯ᠎ᠠ᠂ ᠪᠥᠬᠦ ᠪᠠᠯᠭᠠᠰᠤᠨ ᠤ ᠤᠰᠤᠨ ᠲᠤᠲᠤᠷᠭ᠎ᠠ ᠶᠢᠨ ᠴᠢᠬᠢ | ᠰᠠᠭᠤᠯᠭᠠᠬᠤ ᠠᠵᠢᠯ ᠨᠢᠭᠡᠨᠲᠡ ᠦᠨᠳᠦᠰᠦᠨ ᠳᠡᠭᠡᠨ ᠳᠠᠭᠤᠰᠤᠭᠰᠠᠨ ᠪᠠᠶᠢᠨ᠎ᠠ᠃ | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶᠠᠠᠬᠠᠳᠠ ᠭᠠᠴᠠᠭ᠎ᠠ ᠳᠤ᠂ ᠲᠠᠷᠢᠶᠠᠯᠠᠩ ᠤᠨ ᠮᠠᠰᠢᠨ ᠤ | ᠵᠢᠯᠤᠭᠤᠴᠢ ᠨᠠᠷ ᠴᠢᠬᠢ ᠰᠠᠭᠤᠯᠭᠠᠬᠤ ᠮᠠᠰᠢᠨ ᠢᠶᠠᠨ ᠵᠢᠯᠣᠭᠤᠳᠤᠨ ᠲᠠᠷᠢᠶᠠᠨ ᠳᠤᠮᠳᠠᠭᠤᠷ ᠰᠦᠯᠵᠢᠯᠳᠦᠵᠦ᠂ ᠬᠡᠰᠡᠭ | ᠬᠡᠰᠡᠭ ᠲᠠᠷᠢᠶᠠᠨ ᠴᠢᠬᠢ ᠶᠢ ᠡᠮᠬᠢ ᠵᠢᠷᠤᠮ ᠲᠠᠢ ᠪᠠᠷ ᠲᠠᠷᠢᠶᠠᠨ ᠳᠤ ᠰᠠᠭᠤᠯᠭᠠᠵᠤ᠂ ᠲᠠᠷᠢᠶᠠᠯᠠᠩ ᠤᠨ | ᠣᠳᠣᠬᠢᠴᠢᠯᠠᠯᠲᠠ ᠶᠢᠨ ︽ᠨᠠᠶᠢᠷᠠᠯ ᠬᠥᠭᠵᠢᠮ︾ ᠢ ᠬᠥᠭᠵᠢᠮᠳᠡᠨ᠎ᠡ᠃ ᠤᠯᠠᠮᠵᠢᠯᠠᠯᠲᠤ ᠬᠥᠮᠦᠨ ᠤ ᠬᠦᠴᠦ ᠪᠠᠷ ᠴᠢᠬᠢ | ᠰᠠᠭᠤᠯᠭᠠᠬᠤ ᠲᠠᠢ ᠬᠠᠷᠢᠴᠠᠭᠤᠯᠪᠠᠯ᠂ ᠮᠧᠬᠠᠨᠢᠭᠵᠢᠯᠲᠠ ᠪᠠᠷ ᠴᠢᠬᠢ ᠰᠠᠭᠤᠯᠭᠠᠬᠤ ᠠᠵᠢᠯ ᠤᠨ ᠦᠷ᠎ᠡ ᠪᠦᠲᠦᠮᠵᠢ ᠨᠢ | ᠨᠠᠩ ᠥᠨᠳᠥᠷ ᠢᠶᠠᠷ ᠪᠠᠷᠠᠬᠤ ᠥᠬᠡᠶ᠂ ᠪᠠᠰᠠ ᠨᠢᠭᠡᠴᠢ ᠲᠠᠯᠠᠪᠠᠶ ᠶᠢᠨ ᠴᠢᠬᠢ ᠰᠠᠭᠤᠯᠭᠠᠬᠤ ᠲᠤᠭ᠎ᠠ ᠶᠢ ᠦᠨᠡᠨ ᠬᠦ | ᠪᠠᠲᠤᠯᠠᠵᠤ᠂ ᠴᠢᠬᠢ ᠲᠤᠲᠠᠬᠤ ᠠᠰᠠᠭᠤᠳᠠᠯ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃ ᠡᠶᠢᠮᠦᠷᠬᠦᠦ ᠠᠵᠢᠯ ᠤᠨ | ᠠᠷᠭ᠎ᠠ ᠮᠠᠶ᠋ᠢᠭ ᠨᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ | ᠲᠠᠷᠢᠶᠠᠴᠢᠨ ᠡᠷᠦᠬᠡ ᠳᠤ ᠨᠠᠩ ᠶᠡᠭᠡ ᠠᠵᠤ ᠠᠬᠤᠶ ᠶᠢᠨ ᠦᠷ᠎ᠡ ᠠᠰᠢᠭ ᠡᠭᠦᠳᠴᠦ ᠥᠭᠴᠡᠶ᠃ | ︽ᠴᠢᠬᠢ ᠰᠠᠭᠤᠯᠭᠠᠬᠤ ᠮᠠᠰᠢᠨ ᠨᠢ ᠲᠣᠭᠲᠠᠮᠠᠯ ᠵᠠᠶ᠂ ᠭᠦᠨᠴᠡ ᠶᠢᠨ ᠬᠡᠮᠵᠢᠶ᠎ᠡ ᠶᠢ ᠳᠣᠬᠢᠷᠠᠭᠤᠯᠵᠤ ᠪᠣᠯᠤᠨ᠎ᠠ | ᠂ ᠵᠦᠷᠢᠶ᠎ᠡ ᠨᠢ ᠬᠤᠶᠠᠷ ᠰᠠᠨᠲ᠋ᠢᠮᠧᠲᠷ ᠠᠴᠠ ᠬᠡᠲᠦᠷᠡᠬᠦ ᠦᠭᠡᠢ᠂ ᠴᠢᠬᠢ ᠰᠠᠭᠤᠯᠭᠠᠬᠤ ᠠᠰᠢᠭᠯᠠᠮᠵᠢ ᠨᠢ ᠴᠦ ᠥᠨᠳᠥᠷ | ᠪᠠᠶᠢᠳᠠᠭ᠂ 20 ᠭᠠᠷᠤᠶ ᠮᠢᠨᠦ᠋ᠲ ᠲᠤ ᠨᠢᠭᠡ ᠮᠦ ᠭᠠᠵᠠᠷ ᠤᠨ ᠲᠠᠷᠢᠶᠠᠨ ᠴᠢᠬᠢ ᠶᠢ ᠰᠠᠭᠤᠯᠭᠠᠭᠠᠳ ᠪᠠᠷᠠᠴᠢᠬᠠᠨ᠎ᠠ᠂ | ᠡᠨᠡ ᠵᠢᠯ ᠪᠢᠳᠡ 50 ᠮᠦ ᠲᠠᠷᠢᠶ᠎ᠠ ᠳᠠᠷᠢᠵᠤ᠂ ᠭᠤᠷᠪᠠᠨ ᠡᠳᠦᠷ ᠲᠤ ᠲᠠᠷᠢᠶᠠᠨ ᠴᠢᠬᠢ ᠪᠠᠨ ᠰᠠᠭᠤᠯᠭᠠᠵᠤ | ᠪᠠᠷᠠᠴᠢᠬᠠᠨ᠎ᠠ︾ ᠭᠡᠵᠦ ᠪᠠᠶᠠᠠᠬᠠᠳᠠ ᠭᠠᠴᠠᠭᠠᠨ ᠤ ᠠᠷᠠᠳ ᠵᠧᠩ ᠹᠦ᠋ ᠵᠢᠶᠦ᠋ᠨ ᠬᠡᠯᠡᠪᠡ᠃ | ᠣᠶᠢᠯᠠᠭᠠᠭᠰᠠᠨ ᠢᠶᠠᠷ᠂ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠡᠨᠡ ᠵᠢᠯ ᠤᠨ ᠤᠰᠤᠨ | ᠲᠤᠲᠤᠷᠭ᠎ᠠ ᠳᠠᠷᠢᠬᠤ ᠲᠠᠯᠠᠪᠠᠶ ᠨᠡᠶᠢᠲᠡ 1.6 ᠲᠦᠮᠡᠨ ᠮᠥ ᠪᠠᠶᠢᠵᠤ᠂ ᠣᠳᠣᠬᠠᠨ ᠳᠤ ᠨᠢᠭᠡᠨᠲᠡ 90% ᠶᠢ ᠨᠢ | ᠪᠡᠶᠡᠯᠡᠭᠦᠯᠦᠭᠰᠡᠨ ᠪᠠᠶᠢᠨ᠎ᠠ᠃ | 2025 ᠣᠨ ᠳᠤ᠂ ᠪᠦᠬᠦ ᠬᠤᠲᠠ ᠶᠢᠨ ᠤᠰᠤᠨ ᠲᠤᠲᠤᠷᠭ᠎ᠠ ᠲᠠᠷᠢᠬᠤ ᠲᠠᠯᠠᠪᠠᠢ 15 ᠲᠦᠮᠡᠨ ᠮᠦ ᠠᠴᠠ | ᠳᠡᠭᠡᠭᠰᠢ ᠳᠤ ᠬᠦᠷᠪᠡ᠃ ᠤᠢᠢᠷ᠎ᠠ ᠶᠢᠨ ᠵᠢᠯ ᠠᠴᠠ᠂ ᠤᠯᠠᠭᠠᠨᠬᠤᠲᠠ ᠰᠠᠶᠢᠨ ᠰᠠᠶᠢᠬᠠᠨ ᠠᠮᠢ ᠠᠬᠤᠢ ᠶᠢᠨ ᠣᠷᠴᠢᠨ | ᠲᠣᠭᠤᠷᠢᠨ ᠪᠣᠯᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠲᠠᠷᠢᠶᠠᠯᠠᠩ ᠤᠨ ᠠᠵᠤ ᠦᠢᠯᠡᠰ ᠤᠨ | ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠰᠤᠨ ᠲᠤᠲᠤᠷᠭ᠎ᠠ ᠲᠠᠷᠢᠬᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠬᠠᠵᠠᠭᠤ ᠲᠠᠯ᠎ᠠ ᠠᠴᠠ ᠪᠤᠷᠳᠤᠭᠤᠷ ᠣᠷᠣᠭᠤᠯᠬᠤ᠂ ᠵᠢᠯᠣᠭᠤᠴᠢ ᠦᠭᠡᠢ ᠮᠠᠰᠢᠨ ᠢᠶᠠᠷ ᠴᠢᠬᠢ | ᠵᠥᠭᠡᠭᠡᠪᠦᠷᠢᠯᠡᠬᠦ ᠵᠡᠷᠭᠡ ᠲᠡᠷᠢᠭᠦᠨ ᠤ ᠮᠡᠷᠭᠡᠵᠢᠯ ᠢ ᠳᠡᠯᠭᠡᠷᠡᠭᠦᠯᠬᠦ ᠪᠠᠷ ᠳᠠᠮᠵᠢᠵᠤ᠂ ᠣᠷᠭᠠᠨᠢᠭ ᠲᠠᠷᠢᠮᠠᠯ᠂ ᠪᠣᠬᠢᠷᠲᠤᠯ | ᠦᠭᠡᠢ ᠪᠠᠷ ᠰᠡᠷᠭᠡᠶᠢᠯᠡᠨ ᠡᠵᠡᠮᠳᠡᠬᠦ ᠵᠡᠷᠭᠡ ᠪᠣᠬᠢᠷᠲᠤᠯ ᠦᠭᠡᠢ ᠲᠠᠷᠢᠶᠠᠯᠠᠩ ᠤᠨ ᠵᠠᠭᠪᠤᠷ ᠢ ᠬᠥᠭᠵᠢᠭᠦᠯᠵᠦ᠂ ᠠᠮᠤ | ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠰᠢᠨ᠎ᠡ ᠪᠠᠶᠢᠳᠠᠯ ᠢ ᠵᠢᠷᠤᠭᠯᠠᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ | |