| ᠣᠶᠢᠷ᠎ᠠ ᠳᠤ᠂ ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ ︵ᠰᠢᠶᠠᠨ︶ ᠶᠢ ᠨᠡᠷᠡᠶᠢᠳᠬᠦ | ᠶᠡᠭᠡ ᠬᠤᠷᠠᠯ ᠬᠤᠷᠠᠯᠳᠤᠵᠤ᠂ ᠬᠢᠩᠭᠠᠨ ᠠᠶᠢᠮᠠᠭ ᠤᠨ ᠤᠯᠠᠭᠠᠨᠬᠤᠲᠠ ᠳᠠᠬᠢᠨᠲᠠ ︽ᠪᠥᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ︾ ᠶᠢᠨ ᠢᠷᠠᠭᠤ ᠠᠯᠳᠠᠷ ᠢ ᠭᠥᠷᠳᠡᠪᠡ᠃ ︽ᠪᠥᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠲᠠ︾ ᠪᠣᠯ ᠮᠠᠨ ᠤ ᠤᠯᠤᠰ ᠤᠨ ᠬᠤᠶᠠᠷ ᠢ ᠬᠦᠷᠢᠶᠡᠯᠡᠬᠦ ᠠᠵᠢᠯ ᠤᠨ ᠬᠠᠮᠤᠭ ᠤᠨ | ᠳᠡᠭᠡᠳᠦ ᠢᠷᠠᠭᠤ ᠠᠯᠳᠠᠷ ᠮᠥᠨ᠂ ᠳᠥᠷᠪᠡᠨ ᠵᠢᠯ ᠳᠤ ᠨᠢᠭᠡ ᠤᠳᠠᠭ᠎ᠠ ᠰᠢᠯᠭᠠᠷᠠᠭᠤᠯᠤᠨ᠎ᠠ᠃ 1997 ᠣᠨ ᠠᠴᠠ | ᠡᠬᠢᠯᠡᠨ᠂ ᠤᠯᠠᠭᠠᠨᠬᠤᠲᠠ ᠨᠢᠭᠡᠨᠲᠡ ᠨᠠᠢᠮᠠᠨᠳᠠ ︽ᠪᠥᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ | ᠪᠠᠷ ᠦᠨᠡᠯᠡᠭᠳᠡᠪᠡ᠃ | 2023 ᠣᠨ ᠳᠤ᠂ ᠤᠯᠠᠭᠠᠨᠬᠤᠲᠠ ᠥᠪᠡᠷᠮᠢᠴᠡ ᠣᠨᠴᠠᠯᠢᠭ ᠲᠠᠢ ᠬᠢᠯᠠᠰ ᠴᠡᠭ ᠢᠶᠠᠷ ᠢᠯᠡ ᠲᠣᠳᠣ᠂ | ᠴᠡᠷᠢᠭ ᠢᠶᠠᠨ ᠬᠦᠷᠢᠶᠡᠯᠡᠬᠦ ᠠᠭᠤᠷ ᠠᠮᠢᠰᠬᠤᠯ ᠢᠶᠠᠷ ᠭᠦᠨ ᠵᠤᠵᠠᠭᠠᠨ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠬᠦᠴᠦᠲᠡᠶ ᠨᠠᠶᠢᠳᠠᠪᠤᠷᠢᠵᠢᠭᠤᠯᠤᠭᠰᠠᠨ ᠰᠢᠶᠠᠩ ᠶᠠᠩ ᠪᠠᠷᠠᠭᠤᠨ ᠵᠡᠭᠡᠯᠢ ᠶᠢ ︽ᠬᠤᠶᠠᠷ ᠢ ᠬᠦᠷᠢᠶᠡᠯᠡᠬᠦ ᠵᠢᠱᠢᠶ᠎ᠡ | ᠦᠵᠡᠭᠦᠯᠬᠦ ᠵᠡᠭᠡᠯᠢ︾ ᠪᠠᠷ ᠬᠦᠴᠦᠯᠡᠨ ᠪᠠᠶᠢᠭᠤᠯᠵᠦ᠂ ᠡᠭᠦᠨ ᠳᠤ ᠡᠮ ᠡᠮᠨᠡᠯᠭᠡ᠂ ᠢᠳᠡᠭᠡᠨ ᠤᠮᠳᠠᠭᠠᠨ᠂ | ᠬᠤᠳᠠᠯᠳᠤᠭᠠᠨ ᠤ ᠬᠡᠲᠦ ᠳᠡᠯᠭᠡᠭᠦᠷ᠂ ᠵᠤᠴᠢᠳ ᠤᠨ ᠪᠠᠭᠤᠳᠠᠯ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠪᠠᠭᠲᠠᠭᠠᠵᠠᠢ᠃ ︽ᠴᠡᠷᠢᠭ ᠢᠶᠠᠨ ᠬᠦᠷᠢᠶᠡᠯᠡᠬᠦ ᠳᠡᠯᠭᠡᠭᠦᠷ︾ ᠨᠢ ᠵᠢᠩᠬᠢᠨᠢ ᠠᠯᠪᠠ ᠬᠠᠭᠠᠵᠤ ᠪᠠᠶᠢᠭ᠎ᠠ ᠴᠡᠷᠢᠭ᠂ | ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ 5 ᠊᠊᠊᠊ 9.5 ᠪᠠᠷ ᠨᠤᠭᠤᠯᠤᠨ | ᠪᠣᠳᠣᠬᠤ ᠬᠡᠷᠡᠭᠯᠡᠭᠡᠨ ᠤ ᠬᠠᠷᠠᠭᠠᠯᠵᠠᠯ ᠤᠨ ᠦᠢᠯᠡᠴᠢᠯᠡᠭᠡ ᠬᠠᠨᠭ᠍ᠭᠠᠪᠠ᠃ | ︽ᠪᠢᠳᠡ ᠬᠤᠭᠤᠯᠠ ᠢᠳᠡᠬᠦ᠂ ᠪᠠᠭᠤᠳᠠᠯ ᠳᠤ ᠰᠠᠭᠤᠬᠤ᠂ ᠪᠠᠷᠠᠭ᠎ᠠ ᠬᠤᠳᠠᠯᠳᠤᠨ ᠠᠪᠬᠤ ᠵᠡᠷᠭᠡ ᠡᠯ᠎ᠡ | ᠲᠠᠯ᠎ᠠ ᠳᠤ ᠴᠥᠮ ᠬᠠᠷᠠᠭᠠᠯᠵᠠᠯ ᠬᠦᠷᠳᠡᠵᠦ᠂ ᠵᠠᠰᠠᠭ ᠤᠨ ᠣᠷᠳᠣᠨ ᠪᠠ ᠨᠡᠶᠢᠭᠡᠮ ᠤᠨ ᠬᠠᠶᠢᠷ᠎ᠠ ᠬᠠᠯᠠᠮᠵᠢ ᠶᠢ ᠦᠨᠡᠨ | ᠬᠦ ᠭᠥᠷᠳᠡᠵᠡᠢ᠃ ᠪᠢᠳᠡ ᠪᠠᠰᠠ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠳᠤ ᠠᠴᠢ ᠬᠠᠷᠢᠭᠤᠯᠵᠤ᠂ ᠴᠡᠷᠢᠭ | ᠬᠥᠮᠦᠨ ᠤ ᠡᠭᠦᠷᠭᠡᠯᠡᠯ ᠪᠠ ᠬᠠᠷᠢᠭᠤᠴᠠᠯᠭ᠎ᠠ ᠶᠢ ᠴᠡᠭᠡᠵᠢᠯᠡᠵᠤ ᠶᠠᠪᠤᠨ᠎ᠠ︾ ᠭᠡᠵᠦ ᠴᠡᠷᠢᠭ ᠠᠴᠠ ᠬᠠᠯᠠᠭᠳᠠᠭᠰᠠᠨ ᠯᠢᠦ | ᠶᠠ ᠵᠦᠩ ᠬᠡᠯᠡᠪᠡ᠃ | ᠣᠳᠣ ᠪᠣᠯᠲᠠᠯ᠎ᠠ᠂ ᠤᠯᠠᠭᠠᠨᠬᠤᠲᠠ ᠳᠤ ᠬᠤᠲᠠ ᠶᠢᠨ ᠲᠠᠰ ᠤᠨ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠲᠥᠪ 1᠂ ᠪᠠᠯᠭᠠᠰᠤ ᠵᠡᠭᠡᠯᠢ ᠶᠢᠨ ᠲᠠᠰ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ 16᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠲᠠᠰ ᠤᠨ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ 51 ᠪᠠᠶᠢᠨ᠎ᠠ᠃ ᠡᠭᠦᠨ ᠳᠤ᠂ ᠦ᠋ ᠢ ᠵᠡᠭᠡᠯᠢ ᠶᠢᠨ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠥᠷᠲᠡᠭᠡ ᠤᠯᠤᠰ ᠤᠨ ᠲᠠᠰ ᠤᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠥᠷᠲᠡᠭᠡ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ ᠬᠢᠩᠭᠠᠨ ᠵᠡᠭᠡᠯᠢ᠂ ᠾᠧ ᠫᠢᠩ ᠵᠡᠭᠡᠯᠢ ᠶᠢᠨ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠥᠪᠡᠷᠲᠡᠭᠡᠨ ᠵᠠᠰᠠᠬᠤ ᠣᠷᠣᠨ ᠤ ᠲᠠᠰ ᠤᠨ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠪᠠᠷ ᠦᠨᠡᠯᠡᠭᠳᠡᠪᠡ᠃ | ︽ᠤᠬᠠᠭᠤᠯᠤᠨ ᠲᠠᠶᠢᠯᠪᠤᠷᠢᠯᠠᠬᠤ ᠪᠦᠯᠬᠦᠮ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠲᠣᠭᠤᠷᠢᠭ᠂ | ᠪᠠᠶᠢᠭᠤᠯᠭ᠎ᠠ ᠨᠢᠭᠡᠴᠢ ᠳᠤ ᠬᠦᠷᠴᠦ᠂ ᠤᠯᠠᠨ ᠲᠠᠢ ᠰᠠᠨᠠᠯ ᠢᠶᠠᠨ ᠰᠣᠯᠢᠯᠴᠠᠭᠰᠠᠨ ᠨᠢ ᠳᠠᠷᠤᠢ ᠴᠡᠷᠢᠭ ᠠᠩᠬᠢ ᠶᠢᠨ | ᠰᠢᠯᠢᠳᠡᠭ ᠰᠤᠷᠲᠠᠯ ᠪᠣᠯᠤᠨ ᠬᠤᠪᠢᠰᠬᠠᠯᠳᠥ ᠵᠣᠷᠢᠭ ᠰᠠᠨᠠᠭ᠎ᠠ ᠶᠢ ᠤᠯᠠᠨ ᠳᠤ ᠳᠠᠮᠵᠢᠭᠤᠯᠬᠤ ᠶᠢᠨ ᠲᠥᠯᠥᠭᠡ ᠶᠤᠮ︾ | ᠭᠡᠵᠦ ᠤᠯᠠᠭᠠᠨᠬᠤᠳᠠ ᠶᠢᠨ ᠠᠬᠠᠮᠠᠳ ᠴᠡᠷᠢᠭ ᠤᠨ ᠤᠬᠠᠭᠤᠯᠤᠨ ᠳᠠᠶᠢᠯᠪᠤᠷᠢᠯᠠᠬᠤ ᠪᠦᠯᠬᠦᠮ ᠤᠨ ᠭᠡᠰᠢᠭᠦᠨ ᠬᠠᠨ ᠪᠤᠤ | ᠱᠠᠩ ᠬᠡᠯᠡᠵᠦ ᠪᠠᠶᠢᠯ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠲᠠ ︽ᠠᠬᠠᠮᠠᠳ ᠴᠡᠷᠢᠭ ᠤᠬᠠᠭᠤᠯᠤᠨ ᠲᠠᠶᠢᠯᠪᠤᠷᠢᠯᠠᠬᠤ︾ | ᠂ ︽ᠬᠠᠤᠯᠢ ᠴᠠᠭᠠᠵᠠ ᠶᠢᠨ ᠦᠢᠯᠡᠴᠢᠯᠡᠭᠡ ᠶᠢ ᠴᠡᠷᠢᠭ ᠤᠨ ᠬᠤᠸᠠᠷᠠᠨ ᠳᠤ ᠣᠷᠣᠭᠤᠯᠬᠤ︾᠂ ︽ᠰᠣᠶᠣᠯ ᠢ | ᠴᠡᠷᠢᠭ ᠤᠨ ᠬᠤᠸᠠᠷᠠᠨ ᠳᠤ ᠣᠷᠣᠭᠤᠯᠬᠤ︾ ᠵᠡᠷᠭᠡ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠴᠢᠨᠠᠭᠰᠢᠳᠠ ᠪᠠᠲᠤᠳᠬᠠᠵᠤ᠂ ᠨᠡᠩ ᠤᠯᠠᠨ | ᠬᠦᠮᠦᠰ ᠤᠨ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠨᠢᠭᠳᠠᠷᠠᠭᠤᠯᠵᠦ᠂ ᠤᠯᠤᠰ ᠢᠶᠠᠨ ᠬᠦᠴᠦᠷᠬᠡᠭᠵᠢᠭᠦᠯᠬᠦ | ᠴᠡᠷᠢᠭ ᠢ ᠬᠦᠴᠦᠷᠬᠡᠭᠵᠢᠭᠦᠯᠬᠦ ᠬᠦᠰᠡᠯᠡᠩ ᠪᠣᠯᠤᠨ ᠢᠲᠡᠭᠡᠯ ᠪᠢᠰᠢᠷᠡᠯ ᠢ ᠪᠤᠢ ᠪᠣᠯᠭᠠᠵᠤ᠂ ᠬᠤᠶᠠᠷ ᠢ ᠬᠦᠷᠢᠶᠡᠯᠡᠵᠦ | ᠬᠠᠮᠲᠤ ᠪᠠᠷ ᠪᠠᠶᠢᠭᠤᠯᠬᠤ ᠭᠤᠣᠯ ᠬᠦᠭ ᠠᠶᠠᠰ ᠢ ᠴᠤᠤᠷᠢᠶᠠᠲᠤᠭᠤᠯᠪᠠ᠃ | ᠤᠯᠠᠭᠠᠨᠬᠤᠲᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠩᠬᠠᠳᠠᠬᠴᠢ ᠮᠤᠵᠢ ᠶᠢᠨ | ᠱᠠᠲᠤᠨ ᠤ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠭᠠᠵᠠᠷ ᠊᠊᠊᠊᠊ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠵᠠᠰᠠᠭ ᠤᠨ ᠣᠷᠳᠣᠨ ᠤ ᠮᠡᠨᠳᠦᠯᠡᠭᠰᠡᠨ ᠭᠠᠵᠠᠷ ᠪᠣᠯᠤᠨ᠎ᠠ᠃ ︽ᠪᠦᠬᠦ ᠤᠯᠤᠰ ᠤᠨ ᠬᠤᠶᠠᠷ ᠢ ᠬᠦᠷᠢᠶᠡᠯᠡᠬᠦ | ᠵᠢᠱᠢᠶᠡᠴᠢ ᠬᠤᠳᠠ︾ ᠶᠢᠨ ᠢᠷᠠᠭᠤ ᠠᠯᠳᠠᠷ ᠢ ᠨᠠᠢᠮᠠᠨᠳᠠ ᠳᠠᠷᠠᠭᠠᠯᠠᠨ ᠬᠦᠷᠳᠡᠵᠦ᠂ ᠨᠡᠩ ᠯᠠᠪᠳᠠᠭᠤᠨ ᠪᠠᠲᠤᠲᠠᠢ | ᠠᠯᠬᠤᠭ᠎ᠠ᠂ ᠨᠡᠩ ᠰᠢᠯᠢᠳᠡᠭ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠬᠤᠶᠠᠷ ᠢ ᠬᠦᠷᠢᠶᠡᠯᠡᠬᠦ ᠠᠵᠢᠯ ᠢ | ᠬᠤᠳᠠ ᠶᠢᠨ ᠬᠥᠭᠵᠢᠯᠲᠡ ᠶᠢᠨ ᠡᠯ᠎ᠠ ᠳᠠᠯ᠎ᠠ ᠳᠤ ᠠᠭᠤᠰᠤᠯᠴᠠᠭᠤᠯᠵᠤ᠂ ᠪᠦᠬᠦ ᠲᠠᠯ᠎ᠠ᠂ ᠤᠯᠠᠨ ᠲᠡᠰ ᠳᠠᠪᠬᠤᠷᠭ᠎ᠠ᠂ | ᠪᠣᠰᠤᠭ᠎ᠠ ᠴᠣᠭᠴᠠᠲᠤ ᠬᠤᠶᠠᠷ ᠢ ᠬᠦᠷᠢᠶᠡᠯᠡᠬᠦ ᠪᠠᠶᠢᠷᠢᠰᠢᠯ ᠢ ᠪᠠᠶᠢᠭᠤᠯᠵᠤ᠂ ︽ᠪᠦᠬᠦ ᠤᠯᠤᠰ ᠤᠨ ᠬᠤᠶᠠᠷ ᠢ | ᠬᠦᠷᠢᠶᠡᠯᠡᠬᠦ ᠵᠢᠱᠢᠶᠡᠴᠢ ᠬᠤᠳᠠ︾ ᠶᠢᠨ ᠠᠯᠳᠠᠨ ᠦᠰᠦᠭᠲᠦ ᠫᠠᠶᠢᠰᠠ ᠶᠢ ᠤᠯᠠᠭᠠᠠᠬᠤᠲᠠ ᠶᠢᠨ ᠡᠬᠡ ᠭᠠᠵᠠᠷ ᠲᠤ ᠨᠡᠩ | ᠬᠢᠯᠠᠯᠵᠠᠭᠤᠯᠵᠤ ᠪᠠᠶᠢᠨ᠎ᠠ᠃ ︵ᠯᠢ ᠤᠭ᠍ᠶᠦ︶ | | | | |