ᠬᠢᠨᠭ᠍ᠭᠠᠨ ᠠᠶᠢᠮᠠᠭ ᠤᠨ ᠰᠤᠶᠤᠯ ᠤᠨ ᠡᠭᠦᠳᠦᠯᠲᠠ ᠶᠢᠨ ᠪᠦᠲᠦᠭᠡᠭᠳᠡᠭᠦᠨ ᠨᠢ ᠱᠧᠨᠵᠧᠨ ᠤ ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠦᠵᠡᠭᠦᠯᠬᠡ ᠶᠢᠨ ᠴᠤᠭᠯᠠᠭᠠᠨ ᠳᠤ ᠳᠡᠯᠭᠡᠭᠳᠡᠵᠠᠢ
ᠨᠡᠶᠢᠲᠡᠯᠡᠭᠰᠡᠨ ᠴᠠᠭ᠄
2025/6/6
        ᠦᠢᠷ᠎ᠠ ᠳᠤ᠂ ᠬᠤᠷᠢᠨ ᠨᠢᠬᠡᠲᠦᠬᠡᠷ ᠬᠤᠭᠤᠴᠠᠭᠠᠨ ᠤ ᠳᠤᠮᠲᠠᠲᠦ ᠤᠯᠤᠰ ᠱᠧᠨᠵᠧᠨ ᠤ ᠤᠯᠠᠨ ᠤᠯᠤᠰ ᠤᠨ ᠰᠤᠶᠤᠯ ᠤᠨ ᠠᠵᠤ ᠦᠢᠯᠡᠰ ᠤᠨ ᠦᠵᠡᠭᠦᠯᠬᠡ ᠶᠢᠨ ᠴᠤᠭᠯᠠᠭᠠᠨ ᠱᠧᠨᠵᠧᠨ ᠤ ᠤᠯᠠᠨ ᠤᠯᠤᠰ ᠤᠨ ᠬᠤᠷᠠᠯ ᠴᠣᠭᠯᠠᠭᠠᠨ ᠤ ᠳᠦᠪ ᠲᠤ ᠡᠭᠢᠯᠡᠪᠡ᠃ ᠡᠭᠦᠨ ᠳᠤ᠂ ᠬᠢᠩᠭᠠᠨ ᠠᠶᠢᠮᠠᠭ ᠤᠨ ᠰᠣᠶᠣᠯ ᠤᠨ ᠡᠭᠦᠳᠦᠯᠲᠠ ᠶᠢᠨ ᠪᠦᠲᠦᠭᠡᠭᠳᠡᠭᠦᠨ ᠨᠢ ᠦᠵᠡᠭᠦᠯᠭᠡ ᠶᠢᠨ ᠴᠤᠬᠯᠠᠭᠠᠨ ᠳᠤ ᠳᠡᠯᠭᠡᠭᠳᠡᠵᠦ ᠬᠢᠩᠭᠠᠨ ᠠᠶᠢᠮᠠᠭ ᠤᠨ ᠥᠪᠡᠷᠮᠢᠴᠡ ᠰᠣᠶᠣᠯ ᠤᠨ ᠷᠢᠳᠢ ᠰᠢᠳᠢ ᠶᠢ ᠭᠦᠢᠴᠡᠳ ᠢᠯᠡᠷᠡᠭᠦᠯᠪᠡ᠃       ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠤᠨ ᠤᠮᠠᠷᠠᠲᠤ ᠬᠢᠯᠢ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠤᠰᠬᠠᠶ ᠲᠤᠭᠤᠷᠢᠬ ᠲᠤ ᠬᠢᠩᠭᠠᠨ ᠠᠶᠢᠮᠠᠭ ᠤᠨ ᠠᠳᠢᠶ᠎ᠠ ᠵᠢᠭᠤᠯᠴᠢᠯᠠᠯ ᠤᠨ ᠪᠡᠯᠡᠭ ᠤᠨ ᠬᠢᠵᠠᠭᠠᠷᠲᠤ ᠺᠣᠮᠫᠠᠨᠢ ᠶᠢᠨ ᠤᠮᠠᠷᠠᠲᠤ ᠬᠢᠯᠢ ᠶᠢᠨ ᠰᠣᠶᠣᠯ ᠤᠨ ᠰᠢᠷᠢᠰ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠨᠢ ᠰᠣᠶᠣᠯ ᠤᠨ ᠡᠬᠢ ᠪᠠᠶᠠᠯᠢᠭ᠂ ᠵᠢᠭᠤᠯᠴᠢᠯᠠᠯ ᠤᠨ ᠡᠬᠢ ᠪᠠᠶᠠᠯᠢᠭ ᠬᠢᠭᠡᠳ ᠪᠦᠲᠦᠭᠡᠯᠴᠢ ᠵᠢᠷᠤᠭ ᠲᠥᠯᠥᠪᠯᠡᠭᠡ ᠶᠢ ᠣᠷᠭᠠᠨᠢᠭ ᠢᠶᠠᠷ ᠠᠭᠤᠰᠤᠯᠴᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠡᠯᠪᠡᠭ ᠪᠠᠶᠠᠯᠢᠭ ᠠᠭᠤᠯᠤᠭᠳᠠᠬᠤᠨ ᠢ ᠨᠢᠭᠲᠠᠷᠠᠭᠤᠯᠵᠤ᠂ ᠭᠦᠨ ᠵᠤᠵᠠᠭᠠᠨ ᠰᠣᠶᠣᠯ ᠤᠨ ᠠᠭᠤᠯᠬᠤᠨ᠂ ᠡᠯᠪᠡᠭ ᠪᠠᠶᠠᠯᠢᠭ ᠵᠢᠭᠤᠯᠴᠢᠯᠠᠯ ᠤᠨ ᠡᠬᠢ ᠪᠠᠶᠠᠯᠢᠭ ᠪᠠ ᠡᠭᠡᠯ ᠪᠣᠷᠣᠭᠵᠢᠭᠤᠨ ᠠᠷᠠᠳ ᠤᠨ ᠵᠠᠩ ᠳᠠᠳᠬᠠᠯ ᠢ ᠢᠯᠡᠷᠡᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠦᠵᠡᠭᠦᠯᠭᠡ ᠶᠢᠨ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠲᠤᠰᠬᠠᠶ ᠲᠣᠭᠤᠷᠢᠭ ᠲᠤ᠂ ᠤᠯᠠᠭᠠᠨᠬᠤᠲᠠ ᠶᠢᠨ ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠶᠢᠨ ᠥᠲᠥᠨ ᠡᠳ᠋ᠯᠡᠯ ᠤᠨ ᠰᠢᠷᠢᠰ ᠵᠠᠰᠠᠯ ᠴᠢᠮᠡᠭᠯᠡᠯ ᠤᠨ ᠡᠳ᠋ ᠨᠢ ᠠᠮᠢᠳᠤ ᠳᠦᠷᠰᠦᠯᠢᠭ ᠪᠠᠶᠢᠵᠤ᠂ ᠲᠡᠳᠡᠨ ᠤ ᠥᠪᠡᠷᠮᠢᠴᠡ ᠤᠷ᠎ᠠ ᠮᠡᠷᠭᠡᠰᠢᠯ ᠪᠠ ᠨᠠᠷᠢᠯᠢᠭ ᠰᠠᠶᠢᠬᠠᠨ ᠵᠢᠷᠤᠭ ᠲᠥᠯᠥᠪᠯᠡᠭᠡ ᠳᠡᠭᠡᠨ ᠲᠦᠰᠢᠭᠯᠡᠨ᠂ ᠬᠢᠩᠭᠠᠨ ᠠᠶᠢᠮᠠᠭ ᠤᠨ ᠪᠣᠳᠠᠰ ᠤᠨ ᠪᠤᠰᠤ ᠰᠣᠶᠣᠯ ᠤᠨ ᠥᠪ ᠤᠨ ᠪᠦᠲᠦᠭᠡᠯᠴᠢ ᠤᠷᠠᠨ ᠵᠢᠷᠤᠭᠴᠢᠳ ᠤᠨ ᠤᠷ᠎ᠠ ᠮᠡᠷᠭᠡᠰᠢᠯ ᠢ ᠳᠡᠯᠭᠡᠨ ᠦᠵᠡᠭᠦᠯᠵᠦ᠂ ᠦᠵᠡᠭᠦᠯᠭᠡ ᠶᠢᠨ ᠴᠤᠭᠯᠠᠭᠠᠨ ᠤ ᠬᠢᠯᠠᠰ ᠴᠡᠭ ᠤᠨ ᠨᠢᠭᠡ ᠪᠣᠯᠵᠣ᠂ ᠦᠷᠭᠡᠨ ᠣᠯᠠᠨ ᠲᠣᠭᠤᠷᠢᠨ ᠦᠵᠡᠭᠴᠢᠳ ᠤᠨ ᠠᠩᠬᠠᠷᠤᠯ ᠢ ᠲᠠᠲᠠᠵᠠᠢ᠃       ᠦᠵᠡᠭᠦᠯᠭᠡ ᠶᠢᠨ ᠬᠤᠭᠤᠴᠠᠭᠠᠨ ᠳᠤ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠳᠤᠭᠤᠶᠢᠯᠠᠩ ᠢᠳᠡᠪᠬᠢᠲᠡᠶ ᠬᠥᠳᠡᠯᠦᠯᠴᠡᠵᠦ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠹᠧᠩ ᠨᠠᠷ ᠲᠤᠬᠠᠶ ᠶᠢᠨ ᠭᠠᠵᠠᠷ ᠤᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ᠱᠧᠨᠵᠧᠨ ᠤ ᠵᠢᠤᠢ ᠴᠧᠩ ᠵᠦᠴᠦᠭᠡ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠳᠤ᠂ ᠺᠣᠮᠫᠠᠨᠢ ᠶᠢᠨ ᠵᠦᠴᠦᠭᠡ ᠶᠢᠨ ᠬᠦᠷᠢᠶᠡᠯᠡᠩ ᠤᠨ ᠵᠦᠴᠦᠭᠡ ᠶᠢᠨ ᠲᠥᠷᠥᠯ ᠬᠡᠯᠪᠡᠷᠢ ᠶᠢᠨ ᠣᠨᠴᠠᠯᠢᠭ᠂ ᠲᠣᠭᠯᠠᠯᠲᠠ ᠶᠢᠨ ᠤᠷᠠᠯᠢᠭ ᠤᠨ ᠲᠥᠷᠥᠯ ᠲᠡᠮᠳᠡᠭᠲᠦ ᠶᠢ ᠨᠡᠭᠡᠭᠡᠨ ᠬᠥᠭᠵᠢᠭᠦᠯᠬᠦ ᠵᠢᠴᠢ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠨᠡᠭᠡᠭᠡᠯᠲᠡ ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃       ᠲᠣᠰ ᠤᠳᠠᠭ᠎ᠠ ᠬᠢᠩᠭᠠᠨ ᠠᠶᠢᠮᠠᠭ ᠤᠨ ᠰᠣᠶᠣᠯ ᠤᠨ ᠡᠭᠦᠳᠦᠯᠲᠡ ᠶᠢᠨ ᠰᠠᠶᠢᠨ ᠪᠦᠲᠦᠭᠡᠭᠳᠡᠭᠦᠨ ᠢ ᠱᠧᠨᠵᠧᠨ ᠤ ᠰᠣᠶᠣᠯ ᠤᠨ ᠦᠵᠡᠰᠭᠦᠯᠡᠩ ᠳᠤ ᠳᠡᠯᠭᠡᠨ ᠦᠵᠡᠭᠦᠯᠬᠦ ᠶᠢᠨ ᠬᠠᠮᠲᠤ ᠰᠣᠶᠣᠯ ᠵᠢᠭᠤᠯᠴᠢᠯᠠᠯ ᠤᠨ ᠬᠠᠮᠲᠤᠷᠠᠯᠴᠠᠭ᠎ᠠ ᠶᠢ ᠵᠣᠯᠭᠠᠭᠤᠯᠬᠤ ᠶᠢ ᠢᠳᠡᠪᠬᠢᠲᠡᠶ ᠥᠷᠨᠢᠭᠦᠯᠥᠭᠰᠡᠨ ᠨᠢ ᠬᠢᠩᠭᠠᠨ ᠠᠶᠢᠮᠠᠭ ᠤᠨ ᠰᠣᠶᠣᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠬᠢᠩᠭᠠᠨ ᠠᠶᠢᠮᠠᠭ ᠤᠨ ᠤᠨᠴᠠᠯᠢᠬᠳᠤ ᠰᠣᠶᠣᠯ ᠢ ᠨᠠᠩ ᠣᠯᠠᠨ ᠬᠦᠮᠦᠨ ᠳᠤ ᠣᠶᠢᠯᠠᠭᠠᠭᠤᠯᠬᠤ ᠪᠠᠷ ᠪᠠᠷᠠᠬᠤ ᠥᠬᠡᠶ᠂ ᠮᠦᠨ ᠴᠤ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠢᠩᠭᠠᠨ ᠠᠶᠢᠮᠠᠭ ᠤᠨ ᠰᠣᠶᠣᠯ ᠪᠠ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃ ︵ᠰᠤᠶᠤᠯ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号