| 6 ᠰᠠᠷ᠎ᠠ ᠶᠢᠨ 6 ᠤ ᠡᠳᠦᠷ᠂ ᠤᠯᠠᠭᠠᠨᠬᠤᠲᠠ ᠬᠡᠷᠡᠭᠯᠡᠭᠴᠢᠳ ᠤᠨ ᠨᠡᠶᠢᠭᠡᠮᠯᠢᠭ ᠤᠨ ᠵᠢᠷᠭᠤᠳᠤᠭᠠᠷ | ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ | ᠣᠷᠣᠨ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠷᠬᠢᠯᠡᠭᠴᠢ᠂ | ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠦᠷᠭᠡᠨ ᠵᠢᠴᠢ | ᠠᠶᠢᠮᠠᠭ ᠬᠤᠲᠠ ᠶᠢᠨ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠡᠬᠢᠯᠡᠪᠡ᠃ | ᠬᠤᠷᠠᠯ ᠠᠴᠠ ᠤᠯᠠᠭᠠᠨᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠲᠠᠪᠤᠳᠤᠭᠠᠷ ᠬᠤᠭᠤᠴᠠᠭᠠᠨ ᠤ ᠬᠡᠷᠡᠭ | ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ︽ᠤᠯᠠᠭᠠᠨᠬᠤᠲᠠ ᠶᠢᠨ | ᠬᠡᠷᠡᠭᠯᠡᠭᠴᠢᠳ ᠤᠨ ᠨᠡᠶᠢᠭᠡᠮᠯᠢᠭ ᠤᠨ ᠲᠦᠷᠢᠮ︾᠂ ︽ᠤᠯᠠᠭᠠᠨᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ | ᠵᠢᠷᠭᠤᠳᠤᠭᠠᠷ ᠬᠤᠭᠤᠴᠠᠭᠠᠨ ᠤ ᠬᠤᠭᠤᠴᠠᠭ᠎ᠠ ᠰᠣᠯᠢᠬᠤ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ︾ ᠶᠢ ᠬᠢᠨᠠᠨ | ᠵᠥᠪᠯᠡᠵᠦ ᠪᠠᠲᠤᠯᠠᠨ᠂ ᠤᠯᠠᠭᠠᠨᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠵᠢᠷᠭᠤᠳᠤᠭᠠᠷ ᠬᠤᠭᠤᠴᠠᠭᠠᠨ ᠤ | ᠬᠡᠷᠡᠭ ᠡᠷᠬᠢᠯᠡᠭᠴᠢᠳ ᠤᠨ ᠵᠥᠪᠯᠡᠯ ᠤᠨ ᠬᠡᠷᠡᠭ ᠡᠷᠬᠢᠯᠡᠭᠴᠢ ᠪᠠ ᠵᠢᠷᠭᠤᠳᠤᠭᠠᠷ ᠬᠤᠭᠤᠴᠠᠭᠠᠨ ᠤ ᠬᠡᠷᠡᠭᠯᠡᠭᠴᠢᠳ ᠤᠨ | ᠨᠡᠶᠢᠭᠡᠮᠯᠢᠭ ᠤᠨ ᠳᠠᠷᠤᠭ᠎ᠠ᠂ ᠪᠠᠶᠢᠩᠭᠤ ᠶᠢᠨ ᠳᠡᠳ᠋ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ᠂ | ᠬᠡᠷᠡᠭ ᠬᠢᠨᠠᠭᠴᠢ ᠶᠢ ᠰᠣᠩᠭᠤᠨ ᠭᠠᠷᠭᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ | ᠰᠣᠩᠭᠤᠭᠳᠠᠭᠰᠠᠳ ᠲᠤ ᠰᠣᠩᠭᠤᠭᠳᠠᠭᠰᠠᠨ ᠦᠨᠡᠮᠯᠡᠯ ᠪᠠ ᠤᠷᠢᠯᠭ᠎ᠠ ᠶᠢᠨ ᠪᠢᠴᠢᠭ ᠣᠯᠭᠤᠪᠠ᠃ ᠬᠤᠷᠠᠯ ᠠᠴᠠ ᠪᠠᠰᠠ | ᠨᠡᠶᠢᠭᠡᠮᠯᠢᠭ ᠤᠨ ᠵᠥᠪᠯᠡᠭᠴᠢ ᠶᠢ ᠤᠷᠢᠵᠤ ᠲᠣᠮᠢᠯᠠᠬᠤ ᠶᠢ ᠨᠡᠶᠢᠲᠡᠯᠡᠵᠦ᠂ ︽ᠬᠡᠷᠡᠭ ᠡᠷᠬᠢᠯᠡᠭᠴᠢᠳ ᠤᠨ ᠬᠤᠷᠠᠯ ᠤᠨ | ᠠᠵᠢᠯ ᠤᠨ ᠮᠡᠳᠡᠭᠦᠯᠦᠯᠲᠡ︾ ᠶᠢ ᠪᠠᠲᠤᠯᠠᠪᠠ᠃ ᠳᠠᠷᠠᠭ᠎ᠠ ᠨᠢ᠂ ᠰᠢᠨ᠎ᠡ ᠪᠠᠷ ᠰᠣᠩᠭᠤᠭᠳᠠᠭᠰᠠᠨ ᠨᠡᠶᠢᠭᠡᠮᠯᠢᠭ ᠤᠨ | ᠳᠠᠷᠤᠭ᠎ᠠ ᠬᠡᠷᠡᠭ ᠡᠷᠬᠢᠯᠡᠭᠴᠢᠳ ᠤᠨ ᠬᠤᠷᠠᠯ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠵᠥᠪᠯᠡᠯ ᠨᠢ ᠤᠯᠠᠨ ᠲᠦᠮᠡᠨ ᠤ | ᠬᠡᠷᠡᠭᠯᠡᠭᠡᠨ ᠤ ᠬᠦᠰᠡᠯ ᠡᠷᠡᠮᠡᠯᠵᠡᠯ ᠢ ᠬᠠᠩᠭᠠᠬᠤ᠂ ᠤᠯᠠᠨ ᠲᠦᠮᠡᠨ ᠤ ᠡᠷᠬᠡ ᠪᠠᠨ ᠬᠠᠮᠠᠭᠠᠯᠠᠬᠤ ᠳᠤ ᠠᠩᠬᠠᠷᠴᠤ | ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠶᠢ ᠪᠦᠬᠦ ᠠᠵᠢᠯ ᠤᠨ ᠵᠣᠷᠢᠯᠲᠠ ᠪᠠ ᠲᠤᠰᠤᠯᠲᠠ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠤᠯᠠᠨ ᠲᠦᠮᠡᠨ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠬᠡᠷᠡᠭᠯᠡᠭᠴᠢᠳ ᠢ ᠬᠠᠨᠤᠮᠵᠢᠲᠠᠢ ᠪᠠᠶᠢᠯᠭᠠᠬᠤ︾ ᠶᠢ ᠶᠠᠪᠤᠴᠠ | ᠨᠢᠭᠡᠪᠦᠷᠢ᠂ ᠨᠠᠷᠢᠨ ᠵᠦᠢᠯᠡᠰ ᠨᠢᠭᠡᠪᠦᠷᠢ᠂ ᠤᠳᠠᠭ᠎ᠠ ᠪᠦᠷᠢ ᠶᠢᠨ ᠬᠠᠷᠢᠭᠤᠯᠲᠠ ᠪᠦᠷᠢ ᠳᠤ ᠢᠯᠡᠷᠡᠭᠦᠯᠬᠦ ᠬᠡᠷᠡᠭᠲᠡᠢ᠃ ︽ | ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠠᠵᠤ ᠠᠬᠤᠶᠢᠯᠠᠯ ᠣᠷᠣᠯᠴᠠᠬᠤ᠂ | ᠣᠯᠠᠨ ᠲᠦᠮᠡᠨ ᠬᠢᠨᠠᠯᠲᠠ ᠲᠠᠯᠪᠢᠬᠤ︾ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ | ᠴᠢᠩᠭᠠᠳᠬᠠᠨ᠂ ᠦᠢᠯᠡᠴᠢᠯᠡᠭᠡᠨ ᠤ ᠬᠦᠷᠢᠶ᠎ᠡ ᠴᠠᠷᠠᠭ᠎ᠠ ᠶᠢ ᠥᠷᠭᠡᠳᠬᠡᠵᠦ᠂ ᠡᠷᠬᠡ ᠪᠠᠨ ᠬᠠᠮᠠᠭᠠᠯᠠᠬᠤ ᠲᠣᠤᠷ | ᠰᠦᠯᠵᠢᠶ᠎ᠡ ᠶᠢ ᠨᠢᠭᠲᠠ ᠰᠦᠯᠵᠢᠵᠦ᠂ ᠬᠥᠮᠦᠨ ᠪᠦᠬᠦᠨ ᠠᠩᠬᠠᠷᠬᠤ᠂ ᠬᠥᠮᠦᠨ ᠪᠦᠬᠦᠨ ᠣᠷᠣᠯᠴᠠᠬᠤ᠂ ᠬᠥᠮᠦᠨ | ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ ᠵᠠᠰᠠᠯᠲᠠ ᠶᠢᠨ ᠬᠠᠮᠲᠤ ᠶᠢᠨ ᠴᠣᠭᠴᠠ ᠶᠢ ᠪᠣᠶ ᠪᠣᠯᠭᠠᠵᠤ᠂ | ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠶᠢ ᠦᠨᠡᠨ ᠬᠦ ︽ᠣᠯᠠᠨ ᠤ ᠶᠠᠪᠤᠳᠠᠯ︾ ᠪᠣᠯᠭᠠᠬᠤ ᠬᠡᠷᠡᠭᠲᠡᠶ᠃ ︽ | ᠬᠡᠷᠡᠭᠯᠡᠭᠡᠨ ᠤ ᠢᠲᠡᠭᠡᠯ ᠵᠣᠷᠢᠭ ᠢ ᠬᠥᠪᠴᠢᠯᠡᠬᠦ︾ ᠡᠨᠡ ᠬᠦ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠵᠤ᠂ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ︾ ᠠᠵᠢᠯᠯᠠᠭ᠎ᠠ ᠶᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ︽ᠰᠦᠯᠵᠢᠶᠡᠨ ᠭᠠᠳᠠᠨ᠎ᠠ ᠤᠴᠢᠷ ᠰᠢᠯᠲᠠᠭᠠᠨ ᠦᠭᠡᠢ ᠪᠠᠷ ᠪᠠᠷᠠᠭ᠎ᠠ | ᠪᠤᠴᠠᠭᠠᠬᠤ︾ ᠵᠡᠷᠭᠡ ᠲᠣᠭᠲᠠᠴᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠢᠳᠡᠪᠬᠢᠲᠡᠶ ᠠᠬᠢᠭᠤᠯᠵᠤ᠂ | ︽ᠬᠢᠩᠭᠠᠨ ᠳᠤ ᠰᠠᠨᠠᠭ᠎ᠠ ᠠᠮᠤᠷ ᠬᠡᠷᠡᠭᠯᠡᠭᠡ ᠬᠢᠬᠦ︾ ᠡᠨᠡ ᠬᠦ ᠠᠯᠲᠠᠨ ᠦᠰᠦᠭᠲᠦ ᠫᠠᠶᠢᠰᠠ ᠶᠢ ᠤᠯᠠᠮ ᠠᠴᠠ ᠤᠯᠠᠮ | ᠭᠡᠷᠡᠯᠲᠦᠭᠦᠯᠵᠦ᠂ ᠣᠯᠠᠨ ᠲᠦᠮᠡᠨ ᠤ ᠰᠠᠨᠠᠭ᠎ᠠ ᠠᠮᠤᠷ ᠭᠠᠵᠠᠷ᠂ ᠠᠵᠤ ᠠᠬᠤᠶᠢᠯᠠᠯ ᠤᠨ ᠠᠵᠢᠯ ᠤᠨ ᠵᠦᠭᠯᠡᠭᠦᠷ | ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃ |