| 6 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ 117 ᠳ᠋ᠤᠭᠠᠷ ᠤᠳᠠᠭᠠᠨ ᠤ ᠬᠤᠷᠠᠯ | ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠪᠥᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ | ᠵᠥᠪᠯᠡᠯ ᠤᠨ ᠳᠣᠯᠣᠳᠤᠭᠠᠷ ᠬᠤᠷᠠᠯ ᠢ ᠵᠡᠷᠭᠡ ᠪᠠᠷ ᠬᠤᠷᠠᠯᠳᠤᠭᠤᠯᠪᠠ᠃ ᠤᠯᠠᠭᠠᠨᠬᠤᠲᠠ ᠶᠢᠨ ᠨᠠᠮ ᠤᠨ ᠬᠤᠷᠢᠶᠠᠨ ᠤ | ᠱᠦᠵᠢ ᠼᠤᠤ ᡁᠢ ᠶᠦᠩ ᠬᠤᠷᠠᠯ ᠢ ᠡᠷᠭᠢᠯᠡᠵᠦ ᠶᠠᠷᠢᠶ᠎ᠠ ᠲᠠᠯᠪᠢᠵᠠᠶ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠦᠬᠦᠢ | ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ | ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾᠂ ︽ᠤᠯᠠᠭᠠᠨᠬᠤᠲᠠ ᠶᠢᠨ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ ᠤᠨ 2025 ᠣᠨ ᠤ ᠠᠶᠤᠯᠭᠦᠢ ᠦᠢᠯᠡᠳᠪᠦᠷᠢᠯᠡᠯ ᠤᠨ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃ | ᠤᠯᠠᠭᠠᠨᠬᠤᠲᠠ ᠶᠢᠨ ᠲᠡᠮᠦᠷ ᠵᠠᠮ ᠤᠨ ᠪᠠᠷᠠᠭᠤᠨᠳᠡᠬᠢ ᠠᠮᠤ ᠪᠤᠳᠠᠭ᠎ᠠ ᠨᠥᠭᠡᠴᠡᠯᠡᠬᠦ ᠪᠦᠷᠢᠨ ᠪᠤᠰᠤ ᠬᠠᠷᠢᠭᠤᠴᠠᠯᠭᠠᠲᠤ | ᠺᠣᠮᠫᠠᠨᠢ ᠶᠢᠨ ᠤᠯᠤᠰ ᠤᠨ ᠥᠮᠴᠢᠯᠡᠯᠲᠦ ᠥᠮᠴᠢᠯᠡᠯ ᠤᠨ ᠡᠷᠬᠡ ᠶᠢ ᠦᠨ᠎ᠡ ᠲᠥᠯᠥᠪᠦᠷᠢ ᠦᠭᠡᠢ ᠬᠤᠪᠢᠶᠠᠷᠢᠯᠠᠨ | ᠰᠢᠯᠵᠢᠭᠦᠯᠬᠦ ᠬᠠᠮᠢᠶ᠎ᠠ ᠪᠦᠬᠦᠢ ᠶᠠᠪᠤᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ | ᠠᠵᠢᠯ ᠢ ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ᠵᠢᠷᠭᠤᠭᠠᠨ ᠢᠨᠵᠧᠨᠧᠷᠢᠩ ᠢ ᠬᠡᠷᠡᠭᠵᠢᠭᠦᠯᠬᠦ᠂ ᠵᠢᠷᠭᠤᠭᠠᠨ ᠠᠵᠢᠯᠯᠠᠭ᠎ᠠ ᠶᠢ | ᠥᠷᠨᠢᠭᠦᠯᠬᠦ ᠲᠠᠢ ᠤᠶᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ | ᠲᠡᠮᠡᠴᠡᠬᠦ᠂ ᠨᠡᠶᠢᠭᠡᠮ ᠤᠨ ᠲᠣᠭᠲᠠᠭᠤᠨ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠬᠦᠴᠦᠯᠡᠨ ᠠᠬᠢᠭᠤᠯᠬᠤ ᠬᠡᠷᠡᠭᠲᠡᠢ᠃ | ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ | ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ | ᠠᠩᠬᠠᠷᠴᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠦᠯᠡᠳᠡᠭᠳᠡᠯ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠲᠦᠷᠭᠡᠳᠬᠡᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠡᠯ᠎ᠡ | ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ | ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ | ᠪᠣᠳᠠᠲᠤ ᠪᠠᠶᠢᠳᠠᠯ ᠳᠤ ᠰᠠᠭᠤᠷᠢᠯᠠᠨ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ | ᠡᠷᠲᠡᠬᠡᠨ ᠰᠤᠳᠤᠯᠵᠤ᠂ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ | ᠪᠠᠲᠤᠯᠠᠬᠤ ᠬᠡᠷᠡᠭᠲᠡᠢ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠨ᠂ ᠣᠷᠣᠯᠭ᠎ᠠ ᠪᠠᠨ | ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠬᠤ ᠶᠢ ᠪᠠᠷᠢᠮᠲᠠᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ | ᠴᠢᠩᠭ᠎ᠠ ᠬᠡᠷᠡᠭᠵᠢᠭᠦᠯᠵᠦ᠂ ᠱᠠᠯᠢᠨ ᠪᠦᠷᠢᠯᠭᠡᠬᠦ ᠶᠢ ᠡᠰᠡᠷᠭᠦᠴᠡᠨ᠂ ᠨᠡᠩ ᠤᠯᠠᠨ ᠪᠡᠯᠡ ᠮᠥᠩᠭᠦ ᠭᠠᠷᠭᠠᠵᠤ ᠪᠠᠶᠢᠭᠠᠳ | ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠳᠤ ᠬᠡᠷᠡᠭᠯᠡᠬᠦ ᠬᠡᠷᠡᠭᠲᠡᠢ᠃ ᠡᠯ᠎ᠡ ᠲᠥᠷᠥᠯ ᠤᠨ | ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠭᠦᠨᠵᠡᠭᠡᠶ | ᠬᠢᠨᠠᠨ ᠪᠠᠶᠢᠴᠠᠭᠠᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠦᠵᠡᠭᠳᠡᠯ ᠢ ᠲᠦᠷᠢᠮ ᠲᠣᠭᠲᠠᠭᠠᠯ | ᠰᠠᠬᠢᠯᠭ᠎ᠠ ᠪᠠᠲᠤ ᠬᠠᠤᠯᠢ ᠶᠣᠰᠣᠭᠠᠷ ᠴᠢᠩᠭ᠎ᠠ ᠪᠠᠶᠢᠴᠠᠭᠠᠵᠤ ᠲᠦᠷᠭᠡᠨ ᠰᠢᠢᠳᠪᠦᠷᠢᠯᠡᠬᠦ ᠬᠡᠷᠡᠭᠲᠡᠶ ᠭᠡᠵᠦ | ᠴᠢᠬᠤᠯᠠᠴᠢᠯᠠᠵᠠᠢ᠃。 | ᠬᠤᠷᠠᠯ ᠤᠨ ᠡᠴᠦᠰ ᠲᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠠᠴᠠ ᠰᠡᠷᠡᠮᠵᠢᠯᠡᠭᠦᠯᠬᠦ | ᠬᠥᠮᠦᠵᠢᠯ ᠤᠨ ᠹᠢᠯᠢᠮ ᠦᠵᠡᠪᠡ᠃ | | |