ᠢᠦᠶ ᠵᠢᠶ ᠱᠦᠨ ᠤᠯᠠᠭᠠᠨᠬᠤᠲᠠ ᠳᠤ ᠢᠷᠡᠵᠦ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ  ᠤᠨ ᠨᠢᠭᠡᠳᠦᠯᠲᠡᠶ ᠰᠢᠯᠭᠠᠯᠲᠠ ᠶᠢᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/6/9
               6 ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠤᠯᠠᠭᠠᠨᠬᠤᠲᠠ ᠳᠤ ᠢᠷᠡᠵᠦ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠵᠢᠯ ᠢ ᠪᠠᠶᠢᠴᠠᠭᠠᠪᠠ᠃       ᠤᠯᠠᠭᠠᠨᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠴᠡᠭ ᠲᠤ᠂ ᠢᠦᠶ ᠵᠢᠶ ᠱᠦᠨ ᠲᠤᠬᠠᠶ ᠶᠢᠨ ᠲᠠᠯᠠᠪᠠᠶ ᠳᠤ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠪᠠ ᠪᠥᠬᠦ ᠶᠠᠪᠤᠴᠠ ᠶᠢᠨ ᠪᠠᠶᠢᠴᠠᠭᠠᠯᠲᠠ ᠶᠢᠨ ᠠᠮᠤᠷ ᠲᠦᠪᠰᠢᠨ ᠤ ᠪᠠᠶᠢᠴᠠᠭᠠᠯᠲᠠ ᠶᠢᠨ ᠨᠡᠪᠲᠡᠷᠡᠬᠦ ᠵᠠᠮ ᠢ ᠪᠠᠶᠢᠴᠠᠭᠠᠨ ᠦᠵᠡᠭᠰᠡᠨ ᠪᠥᠭᠡᠳ ᠪᠥᠬᠦ ᠠᠶᠢᠮᠠᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠶᠠᠪᠤᠳᠠᠯ ᠤᠨ ᠲᠣᠬᠢᠷᠠᠭᠤᠯᠤᠯᠲᠠ᠂ ᠦᠢᠯᠡᠴᠢᠯᠡᠭᠡᠨ ᠤ ᠪᠠᠲᠤᠯᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠵᠡᠷᠭᠡ ᠠᠵᠢᠯ ᠢ ᠨᠠᠷᠢᠨ ᠣᠶᠢᠯᠠᠭᠠᠪᠠ᠃       ᠢᠦᠶ ᠵᠢᠶ ᠱᠦᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠲᠦᠯᠲᠡᠢ ᠰᠢᠯᠭᠠᠯᠲᠠ ᠪᠣᠯ ᠨᠡᠶᠢᠭᠡᠮ ᠤᠨ ᠠᠩᠬᠠᠷᠤᠯ ᠢ ᠶᠡᠬᠡᠳᠡ ᠲᠠᠲᠠᠵᠤ ᠪᠠᠶᠢᠭ᠎ᠠ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠴᠠᠭ ᠢᠮᠠᠭᠲᠠ ᠰᠠᠨᠠᠭᠠᠰᠢᠷᠠᠵᠤ ᠪᠠᠶᠢᠬᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠰᠢᠯᠭᠠᠯᠲᠠ ᠶᠢᠨ ᠶᠠᠪᠤᠳᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠯᠭᠠᠯᠲᠠ ᠶᠢᠨ ᠶᠠᠪᠤᠳᠠᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠲᠠᠯᠠᠪᠤᠷ ᠲᠤ ᠣᠷᠣᠬᠤ᠂ ᠰᠢᠯᠭᠠᠯᠲᠠ ᠬᠢᠨᠠᠬᠤ᠂ ᠰᠦᠯᠵᠢᠶ᠎ᠡ ᠳᠣᠬᠢᠶ᠎ᠠ ᠶᠢ ᠬᠠᠯᠬᠠᠯᠠᠬᠤ ᠵᠡᠷᠭᠡ ᠴᠢᠬᠤᠯᠠ ᠪᠣᠭᠤᠮᠲᠠ ᠶᠢ ᠰᠠᠶᠢᠲᠤᠷ ᠡᠵᠡᠮᠳᠡᠵᠦ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠠᠮᠤᠷ ᠲᠥᠪᠰᠢᠨ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠪᠥᠬᠦ ᠶᠠᠪᠤᠴᠠ᠂ ᠡᠯ᠎ᠡ ᠭᠤᠭᠴᠤᠭ᠎ᠠ ᠶᠢ ᠠᠩᠬᠠᠷᠴᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠯᠭᠠᠯᠲᠠ ᠶᠢ ᠬᠠᠮᠠᠭᠠᠯᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠱᠤᠤᠭᠢᠶᠠᠨ ᠢ ᠵᠠᠰᠠᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠰᠠᠶᠢᠲᠤᠷ ᠬᠢᠵᠦ᠂ ᠰᠢᠯᠭᠠᠭᠤᠯᠤᠭᠰᠠᠳ ᠲᠤ ᠨᠠᠮ ᠲᠣᠭᠲᠠᠭᠤᠨ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠨᠥᠬᠦᠴᠡᠯ ᠢ ᠪᠣᠶ ᠪᠣᠯᠭᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠬᠠᠯᠠᠭᠤᠨ ᠳᠤᠯᠠᠭᠠᠨ ᠢ ᠦᠨᠡᠨ ᠬᠦ ᠪᠠᠲᠤᠯᠠᠬᠤ ᠬᠡᠷᠡᠭᠲᠡᠶ᠃ ᠴᠠᠭ ᠠᠭᠤᠷ ᠤᠨ ᠬᠤᠪᠢᠷᠠᠯᠲᠠ ᠵᠢᠴᠢ ᠭᠡᠨᠡᠳᠲᠡ ᠶᠢᠨ ᠪᠠᠶᠢᠳᠠᠯ ᠢ ᠨᠢᠭᠲᠠ ᠠᠩᠬᠠᠷᠴᠤ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠪᠦᠲᠦᠮᠵᠢᠲᠡᠶ ᠰᠢᠢᠳᠪᠦᠷᠢᠯᠡᠨ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠶᠢᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠶ ᠰᠢᠯᠭᠠᠯᠲᠠ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃   
 
ᠢᠷᠡᠯᠲᠡ᠄ ᠳᠠᠪᠠᠭᠠᠨ ᠳᠡᠭᠡᠷᠡᠬᠢ ᠬᠢᠩᠭᠠᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号