| | ᠲᠥᠷᠥ ᠶᠢᠨ ᠶᠠᠪᠤᠳᠠᠯ ᠤᠨ ᠬᠤᠷᠢᠶ᠎ᠠ ᠣᠷᠴᠢᠮᠬᠠᠨ ︽ᠳᠥᠷᠪᠡᠳᠦᠭᠡᠷ ᠤᠳᠠᠭᠠᠨ ᠤ ᠪᠦᠬᠦ ᠤᠯᠤᠰ ᠤᠨ | ᠬᠥᠳᠡᠭᠡ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠮᠡᠳᠡᠭᠳᠡᠯ︾ ︵ᠳᠣᠷᠣᠭᠰᠢ ︽ | ᠮᠡᠳᠡᠭᠳᠡᠯ︾ ᠭᠡᠵᠦ ᠲᠣᠪᠴᠢᠯᠠᠪᠠ︶ ᠢ ᠳᠠᠷᠤᠮᠠᠯᠯᠠᠨ ᠶᠠᠪᠤᠭᠤᠯᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠪᠠ ︽ᠪᠦᠬᠦ ᠤᠯᠤᠰ ᠤᠨ ᠬᠥᠳᠡᠭᠡ ᠠᠵᠤ ᠠᠬᠤᠢ ᠶᠢᠨ ᠨᠡᠶᠢᠳᠡᠮ | ᠪᠠᠶᠢᠴᠠᠭᠠᠯᠲᠠ ᠶᠢᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠲᠦᠷᠦ ᠶᠢᠨ ᠶᠠᠪᠤᠳᠠᠯ ᠤᠨ ᠬᠤᠷᠢᠶ᠎ᠠ 2026 | ᠣᠨ ᠳᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠬᠥᠳᠡᠭᠡ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠪᠠᠷ ᠲᠣᠭᠲᠠᠭᠠᠪᠠ᠃ | ︽ᠮᠡᠳᠡᠭᠳᠡᠯ︾ ᠳᠤ ᠵᠢᠭᠠᠵᠤ ᠭᠠᠷᠭᠠᠬᠤ ᠳᠤ ᠪᠠᠨ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ | ᠬᠥᠳᠡᠭᠡ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠳᠤ ᠪᠦᠷᠢᠳᠬᠡᠭᠦᠯᠬᠦ ᠡᠲᠡᠭᠡᠳ ᠪᠣᠯ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠢᠯᠢ ᠳᠣᠲᠣᠷᠠᠬᠢ ᠬᠥᠳᠡᠭᠡ ᠲᠣᠰᠬᠤᠨ ᠤ ᠰᠠᠭᠤᠭᠠᠯᠢ ᠡᠷᠦᠬᠡ ᠪᠣᠯᠣᠨ᠎ᠠ᠂ ᠡᠭᠦᠨ ᠳᠤ | ᠬᠥᠳᠡᠭᠡ ᠲᠣᠰᠬᠤᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠡᠷᠦᠬᠡ ᠪᠠ ᠪᠤᠰᠤᠳ | ᠰᠠᠭᠤᠭᠠᠯᠢ ᠡᠷᠦᠬᠡ︔ ᠬᠤᠲᠠ ᠪᠠᠯᠭᠠᠰᠤᠨ ᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ | ᠡᠷᠦᠬᠡ︔ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ︔ ᠭᠠᠴᠠᠭᠠᠨ ᠤ ᠠᠷᠠᠳ ᠤᠨ | ᠵᠥᠪᠯᠡᠯ︔ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠᠭᠲᠠᠨ᠎ᠠ᠃ ᠨᠡᠶᠢᠳᠡᠮ ᠪᠠᠶᠢᠴᠠᠭᠠᠯᠲᠠ ᠶᠢᠨ | ᠭᠤᠣᠯ ᠠᠭᠤᠯᠭ᠎ᠠ ᠳᠤ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠨᠥᠬᠦᠴᠡᠯ᠂ ᠠᠮᠤ ᠪᠤᠳᠠᠭ᠎ᠠ ᠪᠠ ᠬᠠᠮ | ᠢᠳᠡᠭᠡᠨ ᠤ ᠦᠢᠯᠡᠳᠪᠦᠷᠢᠯᠡᠯ ᠤᠨ ᠪᠠᠶᠢᠳᠠᠯ᠂ ᠬᠥᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠪᠠᠶᠢᠳᠠᠯ᠂ ᠬᠥᠳᠡᠭᠡ ᠲᠣᠰᠬᠤᠨ ᠤ ᠬᠥᠭᠵᠢᠯᠲᠡ ᠶᠢᠨ ᠦᠨᠳᠦᠰᠦᠨ ᠪᠠᠶᠢᠳᠠᠯ᠂ ᠬᠥᠳᠡᠭᠡ ᠲᠣᠰᠬᠤᠨ ᠤ | ᠰᠠᠭᠤᠭᠠᠯᠢ ᠠᠷᠠᠳ ᠤᠨ ᠠᠮᠢᠳᠤᠷᠠᠯ ᠤᠨ ᠪᠠᠶᠢᠳᠠᠯ ᠵᠡᠷᠭᠡ ᠪᠠᠭᠲᠠᠨ᠎ᠠ᠃ ᠨᠡᠶᠢᠳᠡᠮ ᠪᠠᠶᠢᠴᠠᠭᠠᠯᠲᠠ ᠬᠢᠵᠦ ᠡᠬᠢᠯᠡᠬᠦ | ᠪᠠᠷᠢᠮᠵᠢᠶ᠎ᠠ ᠪᠣᠯᠬᠤ ᠴᠠᠭ 2026 ᠣᠨ ᠤ 12 ᠳ᠋ᠤᠭᠠᠷ ᠰᠠᠷ᠎ᠠ ᠶᠢᠨ 31 ᠤ ᠡᠳᠦᠷ ᠤᠨ 24 ᠴᠠᠭ᠂ | ᠬᠤᠭᠤᠴᠠᠭᠠᠨ ᠤ ᠮᠠᠲ᠋ᠧᠷᠢᠶᠠᠯ ᠪᠣᠯ 2026 ᠣᠨ ᠤ ᠣᠨ ᠤ ᠮᠠᠲ᠋ᠧᠷᠢᠶᠠᠯ ᠪᠣᠯᠣᠨ᠎ᠠ ᠭᠡᠵᠡᠢ᠃ | ︽ᠮᠡᠳᠡᠭᠳᠡᠯ︾ ᠳᠤ ᠱᠠᠭᠠᠷᠳᠠᠬᠤ ᠳᠤ ᠪᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ | ᠤᠯᠤᠰ ᠳᠠᠶᠠᠭᠠᠷ ᠤᠨ ᠨᠢᠭᠡᠳᠦᠯᠲᠡᠢ ᠤᠳᠤᠷᠢᠳᠬᠤ᠂ ᠰᠠᠯᠠᠭ᠎ᠠ ᠮᠥᠴᠢᠷ ᠤᠳ ᠠᠵᠢᠯ ᠬᠤᠪᠢᠶᠠᠷᠢᠯᠠᠨ ᠬᠠᠮᠵᠢᠯᠴᠠᠬᠤ᠂ | ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠶᠢᠨ ᠬᠢᠨ ᠬᠠᠮᠲᠤ ᠪᠠᠷ ᠣᠷᠣᠯᠴᠠᠬᠤ ᠵᠠᠷᠴᠢᠮ | ᠶᠣᠰᠣᠭᠠᠷ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠭᠤᠣᠯᠳᠠᠯᠭ᠎ᠠ ᠪᠠᠨ ᠲᠣᠪᠤᠶᠢᠯᠭᠠᠨ᠂ ᠠᠷᠭ᠎ᠠ ᠮᠠᠶ᠋ᠢᠭ ᠢᠶᠠᠨ | ᠰᠢᠯᠢᠳᠡᠭᠵᠢᠭᠦᠯᠵᠦ᠂ ᠠᠷᠭ᠎ᠠ ᠪᠠᠷᠢᠯ ᠳᠤ ᠰᠢᠨ᠎ᠡ ᠶᠢ ᠡᠭᠦᠳᠴᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ | ᠳᠠᠶᠢᠴᠢᠯᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠨᠡᠶᠢᠳᠡᠮ | ᠪᠠᠶᠢᠴᠠᠭᠠᠯᠲᠠ ᠶᠢᠨ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠦᠨᠡᠨ ᠮᠥᠨ ᠢᠶᠠᠷ ᠨᠢ ᠴᠤᠭᠯᠠᠭᠤᠯᠵᠤ᠂ | ᠮᠡᠳᠡᠭᠦᠯᠦᠨ ᠬᠦᠷᠭᠡᠬᠦ ᠬᠡᠷᠡᠭᠲᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠭᠤᠷᠮᠠᠭᠯᠠᠨ ᠵᠣᠬᠢᠶᠠᠬᠤ ᠪᠠ | ᠥᠭᠡᠷᠡᠲᠦᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠳᠤ ᠪᠦᠷᠢᠳᠬᠡᠭᠦᠯᠬᠦ ᠡᠲᠡᠭᠡᠳ ᠤᠳ ᠨᠡᠶᠢᠳᠡᠮ | ᠪᠠᠶᠢᠴᠠᠭᠠᠯᠲᠠ ᠶᠢᠨ ᠬᠦᠰᠦᠨᠦᠭᠲᠦ ᠶᠢ ᠴᠠᠭ ᠲᠤᠬᠠᠢ ᠳᠤ ᠨᠢ᠂ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ ᠬᠡᠷᠡᠭᠲᠡᠢ᠂ | ᠦᠨᠡᠨ ᠪᠤᠰᠤ᠂ ᠪᠦᠷᠢᠨ ᠪᠤᠰᠤ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠬᠠᠩᠭᠠᠬᠤ ᠪᠤᠶᠤ ᠨᠡᠶᠢᠳᠡᠮ | ᠪᠠᠶᠢᠴᠠᠭᠠᠯᠲᠠ ᠶᠢᠨ ᠮᠠᠲ᠋ᠧᠷᠢᠶᠠᠯ ᠢ ᠤᠳᠠᠭᠠᠰᠢᠷᠠᠭᠤᠯᠤᠨ ᠮᠡᠳᠡᠭᠦᠯᠬᠦ ᠪᠠ ᠮᠡᠳᠡᠭᠦᠯᠬᠦ ᠶᠢ ᠲᠡᠪᠴᠢᠵᠦ ᠪᠣᠯᠬᠤ ᠦᠭᠡᠢ᠃ | ᠨᠡᠶᠢᠳᠡᠮ ᠪᠠᠶᠢᠴᠠᠭᠠᠯᠲᠠ ᠶᠢᠨ ᠠᠵᠢᠯ ᠢᠶᠠᠷ ᠣᠯᠣᠭᠰᠠᠨ ᠨᠡᠶᠢᠳᠡᠮ ᠪᠠᠶᠢᠴᠠᠭᠠᠯᠲᠠ ᠶᠢᠨ ᠭᠠᠭᠴᠠ ᠪᠦᠷᠢᠳᠬᠡᠭᠦᠯᠬᠦ | ᠡᠲᠡᠭᠡᠳ ᠤᠨ ᠪᠡᠶ᠎ᠡ ᠭᠠᠷᠤᠯ ᠢ ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ ᠳᠡᠶᠢᠯᠬᠦ ᠮᠠᠲ᠋ᠧᠷᠢᠶᠠᠯ ᠢ ᠭᠠᠳᠠᠭᠰᠢ | ᠬᠠᠩᠭᠠᠬᠤ ᠪᠠ ᠵᠠᠳᠠᠷᠠᠭᠤᠯᠵᠤ ᠪᠣᠯᠬᠤ ᠦᠭᠡᠢ᠂ ᠪᠦᠷᠢᠳᠬᠡᠯ ᠠᠴᠠ ᠪᠤᠰᠤᠳ ᠵᠣᠷᠢᠯᠭ᠎ᠠ ᠳᠤ ᠬᠡᠷᠡᠭᠯᠡᠵᠦ ᠪᠣᠯᠬᠤ ᠦᠭᠡᠢ | ᠭᠡᠵᠡᠢ᠃ | ︽ᠮᠡᠳᠡᠭᠳᠡᠯ︾ ᠳᠤ ᠴᠢᠬᠤᠯᠠᠴᠢᠯᠠᠬᠤ ᠳᠤ ᠪᠠᠨ᠂ ᠳ᠋ᠠᠶᠢᠲ᠋ᠠ ᠶᠢᠨ ᠶᠠᠰᠤ ᠴᠢᠨᠠᠷ ᠢ ᠲᠡᠷᠢᠭᠦᠨ ᠳᠤ | ᠲᠠᠯᠪᠢᠬᠤ ᠵᠠᠷᠴᠢᠮ ᠢ ᠢᠮᠠᠭᠲᠠ ᠪᠠᠲᠤ ᠰᠠᠬᠢᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠦᠨ | ᠂ ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠯᠭ᠎ᠠ ᠪᠣᠯᠪᠠᠰᠤᠷᠠᠯ ᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠴᠤᠪᠤᠷᠠᠯ ᠢ ᠵᠢᠷᠤᠮᠵᠢᠭᠤᠯᠤᠨ᠂ ᠳ᠋ᠠᠶᠢᠲ᠋ᠠ ᠶᠢᠨ ᠶᠠᠰᠤ ᠴᠢᠨᠠᠷ ᠲᠤ ᠪᠠᠶᠢᠴᠠᠭᠠᠬᠤ ᠪᠠ ᠬᠠᠷᠭᠤᠭᠤᠯᠬᠤ ᠶᠢ | ᠴᠢᠩᠭᠠᠳᠬᠠᠵᠤ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭᠯᠠᠨ | ᠦᠢᠯᠡᠳᠬᠦ ᠶᠢ ᠦᠨᠡᠨ ᠬᠦ ᠰᠡᠷᠭᠡᠶᠢᠯᠡᠬᠦ ᠪᠠ ᠵᠠᠯᠬᠠᠭᠠᠨ ᠰᠢᠢᠳᠬᠡᠵᠦ᠂ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠶᠢᠨ | ᠦᠨᠡᠨ ᠪᠣᠳᠠᠲᠠᠢ ᠪᠥᠭᠡᠳ ᠣᠨᠣᠪᠴᠢᠲᠠᠶ᠂ ᠪᠦᠷᠢᠨ ᠪᠦᠲᠦᠨ ᠮᠥᠷᠲᠡᠭᠡᠨ ᠢᠲᠡᠭᠡᠮᠵᠢᠲᠡᠢ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠶᠢᠨ ᠶᠠᠰᠤ ᠴᠢᠨᠠᠷ ᠢ ᠡᠵᠡᠮᠳᠡᠬᠦ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠶᠢᠨ ᠶᠠᠰᠤ ᠴᠢᠨᠠᠷ ᠢ ᠮᠥᠷᠳᠡᠨ ᠨᠡᠬᠡᠮᠵᠢᠯᠡᠬᠦ | ᠪᠠ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠤᠨ᠂ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠳᠤ ᠵᠣᠷᠢᠭᠤᠳᠠ ᠭᠠᠷ | ᠲᠦᠷᠦᠭᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠪᠦᠲᠦᠮᠵᠢᠲᠡᠶ ᠮᠡᠷᠭᠡᠵᠢᠯ ᠤᠨ | ᠠᠷᠭ᠎ᠠ ᠪᠠᠷᠢᠯ ᠪᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ᠂ ᠨᠡᠶᠢᠳᠡᠮ ᠪᠠᠶᠢᠴᠠᠭᠠᠯᠲᠠ ᠶᠢᠨ ᠳ᠋ᠠᠶᠢᠲ᠋ᠠ ᠶᠢᠨ | ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | |