| 6 ᠰᠠᠷ᠎ᠠ ᠶᠢᠨ 7 ᠤ ᠡᠳᠦᠷ᠂ ︽ᠭᠡᠭᠡᠨᠰᠦ᠋ᠮ᠎ᠡ ᠶᠢᠨ ᠤᠯᠠᠭᠠᠨ ᠴᠠᠨ᠎ᠠ ᠶᠢᠨ ᠠᠶᠠᠯᠭᠤ · ᠠᠭᠤᠯᠠ ᠤᠰᠤᠨ | ᠲᠠᠢ ᠪᠠᠨ ᠪᠣᠯᠵᠤᠭ᠎ᠠ ᠲᠠᠢ︾ ᠠᠩᠬᠠᠳᠤᠭᠠᠷ ᠬᠤᠭᠤᠴᠠᠭᠠᠨ ᠤ ᠤᠯᠠᠭᠠᠨ ᠴᠠᠨ᠎ᠠ ᠴᠡᠴᠡᠭ ᠤᠨ ᠨᠠᠶᠢᠷ ᠨᠢ | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠤᠯᠠᠭᠠᠨ ᠬᠤᠲᠠ ᠤᠯᠠᠭᠠᠨ ᠴᠠᠨ᠎ᠠ ᠴᠡᠴᠡᠭᠲᠦ ᠲᠡᠯᠡᠶ ᠶᠢᠨ | ᠲᠠᠷᠢᠮᠠᠯ ᠤᠨ ᠰᠠᠭᠤᠷᠢᠨ ᠭᠠᠵᠠᠷ ᠲᠤ ᠦᠪᠡᠳᠡᠭᠰᠢ ᠶᠡᠭᠡ ᠪᠠᠷ ᠡᠬᠢᠯᠡᠪᠡ᠃ ᠮᠠ ᠮᠧᠩ᠂ ᠯᠢ ᠱᠢ ᠬᠠᠢ᠂ ᠭᠧᠩ ᠴᠧᠩ | ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ | ᠠᠵᠢᠯᠯᠠᠭ᠎ᠠ ᠳᠤ ᠣᠷᠣᠯᠴᠠᠵᠠᠢ᠃ | | | | | | | ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠤᠯᠠᠭᠠᠨ ᠴᠠᠨ᠎ᠠ ᠴᠡᠴᠡᠭ ᠤᠨ ᠨᠠᠶᠢᠷ ᠤᠨ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠳᠤ᠂ ᠦᠩᠭᠡ ᠢᠯᠭᠠᠷᠠᠮ᠎ᠠ ᠴᠡᠨ᠎ᠡ ᠴᠡᠴᠡᠭ ᠮᠢᠷᠠᠯᠵᠠᠵᠤ᠂ ᠱᠷᠴᠢᠨ ᠲᠣᠭᠤᠷᠢᠨ ᠬᠦᠷ | ᠬᠥᠭᠵᠢᠶᠡᠨ ᠢᠶᠠᠷ ᠪᠢᠯᠬᠠᠵᠤ ᠪᠠᠶᠢᠯ᠎ᠠ᠃ ᠠᠵᠢᠯᠯᠠᠭ᠎ᠠ ᠶᠢᠨ ᠳᠤᠮᠳᠠ᠂ ᠭᠡᠭᠡᠨᠰᠦ᠋ᠮ᠎ᠡ ᠪᠠᠯᠭᠠᠰᠤᠨ ᠤ ᠬᠠᠷᠢᠭᠤᠴᠠᠯᠭᠠᠲᠠᠨ | ᠪᠠᠶᠠᠷ ᠤᠨ ᠦᠭᠡ ᠬᠡᠯᠡᠵᠦ᠂ ᠤᠯᠠᠭᠠᠨ ᠴᠠᠨ᠎ᠠ ᠴᠡᠴᠡᠭ ᠤᠨ ᠠᠵᠤ ᠦᠢᠯᠡᠰ ᠤᠨ ᠥᠷᠨᠢᠨ ᠬᠥᠭᠵᠢᠬᠦ ᠰᠠᠶᠢᠨ ᠰᠠᠶᠢᠬᠠᠨ | ᠬᠦᠰᠡᠯ ᠡᠷᠡᠮᠡᠯᠵᠡᠯ ᠢᠶᠠᠨ ᠢᠯᠡᠳᠬᠡᠪᠡ᠃ ᠳᠠᠷᠠᠭ᠎ᠠ ᠳᠤᠨᠢ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ | ᠬᠠᠷᠢᠭᠤᠴᠠᠯᠭᠠᠲᠠᠨ ᠬᠠᠮᠲᠤᠪᠠᠷ ᠲᠠᠶᠢᠰᠠᠨ ᠳᠤ ᠭᠠᠷᠴᠤ ᠭᠠᠷ ᠤᠷᠠᠯᠠᠯ ᠤᠨ ᠱᠣᠰᠢᠭ᠎ᠠ ᠶᠢ ᠦᠢᠯᠡᠳᠬᠦ ᠠᠵᠢᠯᠯᠠᠭ᠎ᠠ ᠳᠤ | ᠢᠳᠡᠪᠬᠢᠲᠡᠢ ᠣᠷᠣᠯᠴᠠᠵᠤ᠂ ᠤᠯᠠᠭᠠᠨ ᠴᠠᠨ᠎ᠠ ᠴᠡᠴᠡᠭ ᠤᠨ ᠨᠠᠶᠢᠷ ᠲᠤ ᠥᠩᠭᠡ ᠪᠣᠳᠤᠭ ᠨᠡᠮᠡᠷᠢᠯᠡᠪᠡ᠃ | | | | | | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠯ᠎ᠡ ᠲᠦᠷᠦᠯ ᠤᠨ ᠲᠣᠭᠯᠠᠯᠲᠠ ᠭᠤᠶᠢᠳᠠ ᠰᠠᠶᠢᠬᠠᠨ | ᠶᠠᠪᠤᠭᠳᠠᠵᠤ᠂ ᠥᠪᠥᠷ ᠮᠣᠩᠭᠤᠯ ᠤᠨ ᠤᠲᠠᠴᠢ ᠪᠠᠶᠢᠭᠠᠯᠢᠯᠢᠭ ᠠᠮᠢᠳᠤ ᠪᠣᠳᠠᠰ ᠤᠨ ᠡᠮ ᠨᠠᠶᠢᠷᠠᠬᠤ ᠬᠢᠵᠠᠭᠠᠷᠲᠤ | ᠺᠣᠮᠫᠠᠨᠢ ᠶᠢᠨ ᠠᠪᠴᠢᠷᠠᠭᠰᠠᠨ ᠤᠲᠠᠴᠢ ᠮᠣᠩᠭᠤᠯ ᠡᠮ ᠤᠨ T ᠲᠠᠶᠢᠰᠠ ᠶᠢᠨ ᠦᠵᠡᠭᠦᠯᠭᠡ ᠨᠢ ᠤᠯᠠᠮᠵᠢᠯᠠᠯᠲᠤ ᠪᠠ | ᠴᠠᠭ ᠤᠨ ᠥᠩᠭᠡ ᠶᠢ ᠪᠦᠷᠢᠨ ᠲᠡᠭᠦᠯᠳᠡᠷ ᠠᠭᠤᠰᠤᠯᠴᠠᠭᠤᠯᠪᠠ᠃ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠤᠷᠤᠭᠴᠢᠳ ᠬᠠᠩᠭᠢᠨᠠᠮ᠎ᠠ ᠳᠠᠭᠤᠤ᠂ ᠬᠠᠯᠠᠭᠤᠮᠰᠤᠭ ᠪᠥᠵᠢᠭ ᠢᠶᠠᠷ ᠲᠠᠯ᠎ᠠ ᠨᠤᠲᠤᠭ ᠤᠨ | ᠬᠥᠪᠡᠭᠦᠳ ᠥᠬᠢᠳ ᠤᠨ ᠴᠤᠭ ᠵᠢᠪᠬᠤᠭ᠎ᠠ ᠶᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠲᠤ | ᠤᠯᠠᠭᠠᠨ ᠴᠠᠨ᠎ᠠ ᠴᠡᠴᠡᠭ ᠤᠨ ᠭᠤᠸ᠎ᠠ ᠰᠠᠶᠢᠬᠠᠨ ᠢ ᠡᠳ᠋ᠯᠡᠭᠦᠯᠵᠦ᠂ ᠬᠥᠳᠡᠭᠡ ᠲᠣᠰᠬᠤᠨ ᠤ ᠳᠠᠭᠤᠯᠠᠯ ᠢ ᠨᠠᠶᠢᠷᠠᠭᠯᠠᠪᠠ᠃ | | | | | | | | ︽ᠲᠣᠰ ᠤᠳᠠᠭᠠᠨ ᠤ ᠠᠵᠢᠯᠯᠠᠭ᠎ᠠ ᠨᠢ ᠮᠠᠰᠢ ᠤᠳᠬ᠎ᠠ ᠠᠭᠤᠯᠭ᠎ᠠ ᠲᠠᠢ᠂ ᠴᠡᠴᠡᠭ ᠰᠣᠨᠢᠷᠬᠠᠬᠤ ᠶᠢᠨ ᠬᠠᠮᠲᠤ | ᠲᠣᠭᠯᠠᠯᠲᠠ ᠦᠵᠡᠵᠦ᠂ ᠪᠢ ᠪᠠᠰᠠ ᠥᠪᠡᠷ ᠢᠶᠠᠨ ᠤᠯᠠᠭᠠᠨ ᠴᠠᠨ᠎ᠠ ᠶᠢᠨ ᠪᠢᠴᠢᠭ ᠤᠨ ᠱᠣᠰᠢᠭ᠎ᠠ ᠬᠢᠵᠦ᠂ ᠮᠠᠰᠢ | ᠭᠤᠶᠤ ᠪᠠᠶᠢᠨ᠎ᠠ︾ ᠭᠡᠵᠦ ᠤᠯᠠᠭᠠᠨᠬᠤᠲᠠ ᠶᠢᠨ ᠠᠷᠠᠳ ᠯᠢ ᠼᠦᠢ ᠫᠢᠩ ᠪᠠᠶᠠᠷᠲᠠᠶᠢᠬᠠᠨ ᠬᠡᠯᠡᠪᠡ᠃ | ᠲᠣᠰ ᠤᠳᠠᠭᠠᠨ ᠤ ᠤᠯᠠᠭᠠᠨ ᠴᠠᠨ᠎ᠠ ᠴᠡᠴᠡᠭ ᠤᠨ ᠨᠠᠶᠢᠷ ᠤᠨ ᠠᠵᠢᠯᠯᠠᠭ᠎ᠠ ᠨᠢ ᠤᠯᠠᠭᠠᠨ ᠴᠠᠨ᠎ᠠ | ᠴᠡᠴᠡᠭ ᠤᠨ ᠦᠵᠡᠰᠬᠦᠯᠡᠩᠲᠦ ᠭᠤᠸ᠎ᠠ ᠰᠠᠶᠢᠬᠠᠨ ᠢ ᠳᠡᠯᠭᠡᠨ ᠦᠵᠡᠭᠦᠯᠬᠦ ᠪᠠᠷ ᠳᠠᠮᠵᠢᠨ᠂ ᠤᠯᠠᠭᠠᠨ ᠴᠠᠨ᠎ᠠ ᠴᠡᠴᠡᠭ ᠤᠨ | ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠨᠠᠩ ᠣᠯᠠᠨ ᠬᠥᠮᠦᠨ ᠳᠤ ᠣᠶᠢᠯᠠᠭᠠᠭᠤᠯᠤᠨ᠂ | ᠭᠡᠭᠡᠨᠰᠦ᠋ᠮ᠎ᠡ ᠪᠠᠯᠭᠠᠰᠤᠨ ᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠵᠦ᠂ ᠲᠤᠬᠠᠶ ᠶᠢᠨ ᠭᠠᠵᠠᠷ ᠤᠨ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠬᠦᠴᠦᠲᠡᠶ ᠠᠬᠢᠭᠤᠯᠤᠨ᠂ ᠣᠯᠠᠨ ᠡᠰᠢᠲᠦ ᠰᠣᠶᠣᠯ ᠤᠨ | ᠰᠣᠯᠢᠯᠴᠠᠭ᠎ᠠ ᠪᠠ ᠤᠯᠠᠮᠵᠢᠯᠠᠯ ᠢ ᠠᠬᠢᠭᠤᠯᠪᠡ᠃ |