| | 1 ᠰᠠᠷ᠎ᠠ ᠶᠢᠨ 24 ᠤ ᠡᠳᠦᠷ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠥᠬᠦ | ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠰᠢᠢᠳᠪᠦᠷᠢ ᠶᠢ | ᠨᠡᠶᠢᠲᠡᠯᠡᠪᠡ᠃ ᠳ᠋ᠠᠢ ᠯᠢ ᠮᠢᠩ ᠨᠥᠭᠦᠷ ᠢ ᠣᠷᠣᠯᠠᠭᠴᠢ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠪᠠᠷ ᠨᠡᠷ᠎ᠡ ᠳᠤᠷᠠᠳᠪᠠ᠃ | 1 ᠰᠠᠷ᠎ᠠ ᠶᠢᠨ 28 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠪᠠᠷ ᠨᠡᠷ᠎ᠡ ᠳᠤᠷᠠᠳᠤᠭᠳᠠᠭᠴᠢ ᠳ᠋ᠠᠶ ᠯᠢ ᠮᠢᠩ ᠤᠯᠠᠭᠠᠨᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠡᠰᠢᠭᠦᠳ ᠢ ᠳᠠᠭᠠᠭᠤᠯᠤᠨ | ᠡᠯ᠎ᠡ ᠦᠨᠳᠦᠰᠦᠨ ᠱᠠᠲᠤ ᠪᠠᠷ ᠬᠦᠷᠴᠦ ᠴᠠᠭᠠᠨ ᠰᠠᠷ᠎ᠠ ᠶᠢᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠨᠢᠭᠡᠳᠦᠭᠡᠷ | ᠹᠷᠣᠨᠲ ᠤᠨ ᠠᠷᠠᠳ ᠤᠨ ᠲᠤᠰᠠᠯᠠᠬᠤ ᠴᠠᠭᠳᠠᠭ᠎ᠠ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠬᠦᠷᠭᠡᠬᠦ ᠶᠢᠨ | ᠬᠠᠮᠲᠤ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠭᠤᠣᠯᠳᠠᠯᠭ᠎ᠠ ᠲᠠᠢ ᠠᠵᠢᠯ ᠤᠨ ᠲᠤᠬᠠᠶ ᠨᠠᠷᠢᠨ ᠪᠠᠶᠢᠷᠢᠯᠠᠭᠤᠯᠤᠯᠲᠠ ᠬᠢᠪᠠ᠃ | 2 ᠰᠠᠷ᠎ᠠ ᠶᠢᠨ 10 ᠤ ᠡᠳᠦᠷ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠨᠢᠭᠡᠳᠦᠭᠡᠷ ᠬᠤᠷᠠᠯ ᠢᠶᠠᠷ ᠪᠠᠲᠤᠯᠠᠭᠤᠯᠵᠤ᠂ | ᠳ᠋ᠠᠢ ᠯᠢ ᠮᠢᠩ ᠨᠥᠬᠦᠷ ᠢ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠪᠠᠷ ᠲᠣᠮᠢᠯᠠᠪᠠ᠃ | 2 ᠰᠠᠷ᠎ᠠ ᠶᠢᠨ 11 ᠤ ᠡᠳᠦᠷ᠂ ᠬᠤᠲᠠ ᠶᠢᠨ ᠳᠡᠳ᠋ ᠳᠠᠷᠤᠭ᠎ᠠ ᠪᠠᠷ ᠨᠡᠷ᠎ᠡ ᠳᠤᠷᠠᠳᠤᠭᠳᠠᠭᠴᠢ᠂ ᠳᠣᠲᠣᠭᠠᠳᠤ ᠶᠢ | ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ ᠭᠡᠭᠡᠨᠰᠦ᠋ᠮ᠎ᠡ ᠶᠢ | ᠳᠠᠬᠢᠨᠲᠠ ᠬᠠᠶᠢᠨ ᠰᠢᠨᠵᠢᠯᠡᠵᠦ᠂ 2025 ᠣᠨ ᠤ ᠥᠯᠵᠡᠶᠢᠲᠦ ᠡᠳᠦᠷ ᠤᠨ ᠪᠠᠶᠠᠷ ᠤᠨ ᠰᠦᠮ᠎ᠡ ᠶᠢᠨ ᠬᠤᠷᠠᠯ ᠤᠨ ᠠᠮᠤᠷ ᠢ | ᠬᠠᠮᠠᠭᠠᠯᠠᠬᠤ ᠠᠵᠢᠯ ᠢ ᠪᠠᠶᠢᠴᠠᠭᠠᠨ ᠪᠠᠶᠢᠷᠢᠯᠠᠭᠤᠯᠪᠠ᠃ | 2 ᠰᠠᠷ᠎ᠠ ᠶᠢᠨ 15 ᠤ ᠡᠳᠦᠷ᠂ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠳ᠋ᠠᠢ ᠯᠢ ᠮᠢᠩ ᠨᠥᠬᠦᠷ ᠢ ᠤᠯᠠᠭᠠᠨᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠡᠳ᠋ ᠳᠠᠷᠤᠭ᠎ᠠ ᠪᠠᠷ ᠰᠣᠩᠭᠤᠪᠠ᠃ | 2 ᠰᠠᠷ᠎ᠠ ᠶᠢᠨ 24 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠯᠤᠰ | ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ᠂ ᠪᠥᠬᠦ ᠬᠤᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠷᠠᠯ | ᠳᠤ ᠣᠷᠣᠯᠴᠠᠵᠤ᠂ ᠬᠤᠷᠠᠯ ᠡᠷᠭᠢᠯᠡᠪᠡ᠃ | 3 ᠰᠠᠷ᠎ᠠ ᠶᠢᠨ 10 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ 2025 ᠣᠨ ᠤ ᠪᠥᠬᠦ ᠬᠤᠲᠠ ᠶᠢᠨ ᠵᠠᠮ | ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠪᠥᠬᠦᠳᠡ ᠬᠤᠷᠠᠯ ᠳᠤ ᠣᠷᠣᠯᠴᠠᠵᠤ᠂ ᠭᠤᠤᠯᠳᠠᠯᠭ᠎ᠠ ᠲᠠᠢ ᠠᠵᠢᠯ ᠢ | ᠪᠠᠶᠢᠷᠢᠯᠠᠭᠤᠯᠪᠠ᠃ | 3 ᠰᠠᠷ᠎ᠠ ᠶᠢᠨ 12 ᠤᠨ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠤᠨ | ᠰᠡᠵᠢᠭᠲᠡᠨ ᠢ ᠪᠠᠷᠢᠪᠴᠢᠯᠠᠬᠤ ᠠᠵᠢᠯᠯᠠᠭ᠎ᠠ ᠶᠢ ᠵᠢᠯᠣᠭᠤᠳᠪᠠ᠃ 120 ᠴᠠᠭᠳᠠᠭ᠎ᠠ ᠳᠠᠭᠠᠷᠢᠯᠲᠠ ᠶᠠᠪᠤᠭᠤᠯᠵᠤ᠂ 70 | ᠰᠡᠵᠢᠭᠲᠡᠨ ᠢ ᠪᠠᠷᠢᠪᠴᠢᠯᠠᠵᠠᠶ᠂ ᠡᠭᠦᠨ ᠤ ᠳᠣᠲᠣᠷ᠎ᠠ 25 ᠨᠡᠷᠡᠰ ᠭᠤᠣᠯ ᠬᠡᠷᠡᠭᠲᠡᠨ ᠢ ᠪᠦᠬᠦᠨ ᠢ ᠪᠠᠷᠢᠪᠴᠢᠯᠠᠵᠠᠶ᠃ | 3 ᠰᠠᠷ᠎ᠠ ᠶᠢᠨ 19 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ ᠪᠥᠬᠦ ᠲᠣᠪᠴᠢᠶᠠᠨ ᠤ ᠨᠢᠭᠡᠳᠦᠭᠡᠷ ᠹᠷᠣᠨᠲ ᠤᠨ | ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠵᠤ ᠤᠯᠠᠭᠠᠨᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠦᠷᠢᠶᠡᠨ ᠳᠠᠬᠢ | ᠲᠣᠭᠲᠠᠭᠤᠨ ᠪᠠᠶᠢᠳᠠᠯ ᠢ ᠡᠪᠳᠡᠵᠦ ᠪᠠᠶᠢᠭ᠎ᠠ ᠬᠥᠮᠦᠰ ᠲᠤ ︽ᠠᠩᠬᠠᠷᠤᠭᠤᠯᠤᠨ ᠰᠤᠷᠭᠠᠵᠤ ᠴᠡᠭᠡᠷᠯᠡᠭᠦᠯᠬᠦ︾ ᠠᠵᠢᠯᠯᠠᠭ᠎ᠠ | ᠥᠷᠨᠢᠭᠦᠯᠵᠦ᠂ ᠭᠤᠤᠯᠳᠠᠯᠭ᠎ᠠ ᠲᠠᠢ ᠠᠩᠬᠠᠷᠴᠤ ᠪᠠᠶᠢᠭ᠎ᠠ 72 ᠬᠥᠮᠦᠨ ᠳᠤ ᠬᠠᠮᠤᠭ ᠤᠨ ᠲᠡᠷᠢᠭᠦᠨ ᠳᠤ ᠵᠣᠬᠢᠬᠤ | ᠬᠡᠮᠵᠢᠶᠡᠨ ᠤ ᠲᠥᠪ ᠴᠢᠩᠭ᠎ᠠ ᠠᠩᠬᠠᠷᠤᠭᠤᠯᠤᠨ ᠰᠤᠷᠭᠠᠵᠤ ᠴᠡᠭᠡᠷᠯᠡᠭᠦᠯᠬᠦ ᠠᠵᠢᠯᠯᠠᠭ᠎ᠠ ᠥᠷᠨᠢᠭᠦᠯᠵᠦ᠂ ᠵᠣᠬᠢᠶᠠᠨ ᠪᠠᠶᠢᠭᠤᠯᠤᠨ | ᠥᠳᠥᠭᠡᠯᠭᠡ ᠬᠢᠭᠰᠡᠨ 6 ᠬᠥᠮᠦᠨ ᠢ ᠲᠣᠪᠴᠢᠶᠠᠨ ᠳᠠᠷᠤᠭ᠎ᠠ ᠪᠠ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶᠠᠨ ᠤ ᠳᠡᠳ᠋ | ᠳᠠᠷᠤᠭ᠎ᠠ ᠳᠠᠭᠠᠭᠠᠴᠢᠯᠠᠨ ᠬᠤᠯᠪᠣᠭᠠᠯᠠᠵᠤ ᠬᠠᠷᠢᠭᠤᠴᠠᠬᠤ ᠶᠢᠨ ᠬᠠᠮᠲᠤ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠠᠶᠢᠭ᠎ᠠ ᠲᠣᠪᠴᠢᠶᠠᠨ | ᠳᠠᠷᠤᠭ᠎ᠠ ᠶᠢ ᠵᠣᠬᠢᠴᠠᠭᠤᠯᠤᠨ ᠲᠣᠭᠲᠠᠭᠤᠨ ᠢᠶᠠᠷ ᠡᠵᠡᠮᠳᠡᠬᠦ ᠠᠵᠢᠯ ᠥᠷᠨᠢᠭᠦᠯᠵᠦ᠂ ᠪᠤᠰᠤᠳ ᠭᠤᠤᠯᠳᠠᠯᠭ᠎ᠠ ᠲᠠᠢ ᠬᠥᠮᠦᠰ ᠢ | ᠴᠥᠮ ᠳᠣᠲᠤᠭᠠᠳᠤ ᠶᠢ ᠬᠠᠮᠠᠭᠠᠯᠠᠬᠤ ᠰᠠᠯᠪᠤᠷᠢ ᠶᠢᠨ ᠳᠠᠷᠤᠭ᠎ᠠ ᠪᠠ ᠵᠢᠭᠠᠨ ᠵᠢᠯᠣᠭᠤᠳᠣᠭᠴᠢ ᠠᠴᠠ ᠠᠩᠬᠠᠷᠤᠭᠤᠯᠤᠨ | ᠰᠤᠷᠭᠠᠵᠤ ᠴᠡᠭᠡᠷᠯᠡᠭᠦᠯᠬᠦ ᠶᠢ ᠨᠠᠶᠢᠳᠠᠪᠤᠷᠢᠵᠢᠭᠤᠯᠵᠤ᠂ ᠡᠩ ᠤᠨ ᠬᠥᠮᠦᠰ ᠢ ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ | ᠡᠵᠡᠮᠳᠡᠪᠡ᠃ | 3 ᠰᠠᠷ᠎ᠠ ᠶᠢᠨ 31 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ︽ᠤᠯᠤᠰ ᠲᠥᠷᠥ ᠶᠢ ᠡᠷᠬᠢᠮᠯᠡᠵᠦ᠂ ᠶᠣᠰᠣ | ᠲᠦᠷᠢᠮ ᠶᠠᠪᠤᠭᠳᠠᠭᠤᠯᠬᠤ︾ ᠰᠠᠬᠢᠯᠭ᠎ᠠ ᠪᠠᠲᠤ ᠰᠤᠷᠲᠠᠯ ᠤᠨ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠶᠢᠨ ᠡᠬᠢᠯᠡᠯᠲᠡ ᠶᠢᠨ | ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ 4 ᠳ᠋ᠦ᠋ᠭᠡᠷ ᠰᠠᠷ᠎ᠠ ᠶᠢ ᠰᠠᠬᠢᠯᠭ᠎ᠠ ᠪᠠᠲᠤ ᠰᠤᠷᠲᠠᠯ ᠤᠨ ᠬᠥᠮᠦᠵᠢᠯ | ᠴᠡᠭᠴᠡᠯᠡᠯᠲᠡ ᠶᠢᠨ ᠠᠵᠢᠯᠯᠠᠭ᠎ᠠ ᠶᠢᠨ ᠰᠠᠷ᠎ᠠ ᠪᠠᠷ ᠲᠣᠭᠲᠠᠭᠠᠪᠠ᠃ | 3 ᠰᠠᠷ᠎ᠠ ᠶᠢᠨ 31 ᠤ ᠡᠳᠦᠷ᠂ ᠬᠤᠲᠠ ᠶᠢᠨ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠳ᠋ᠠᠶ ᠯᠢ ᠮᠢᠩ ᠬᠠᠪᠤᠷ ᠤᠨ ᠤᠯᠠᠷᠢᠯ ᠤᠨ ᠡᠯ᠎ᠡ ᠲᠥᠷᠥᠯ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ | ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠴᠠᠭᠳᠠᠭᠠᠨ ᠲᠥᠷᠥᠯ ᠤᠨ ᠬᠢᠨ ᠤ | ᠬᠠᠷᠠᠯᠲᠠ ᠶᠢ ᠲᠣᠳᠣᠷᠬᠠᠶᠢᠯᠠᠵᠤ᠂ ᠣᠨᠣᠪᠴᠢᠲᠠᠶ ᠪᠠᠷ ᠬᠦᠴᠦᠯᠡᠵᠦ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ | ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠡᠷᠡᠭ ᠢᠯᠡᠷᠡᠭᠦᠯᠬᠦ ᠨᠣᠷᠮ᠎ᠠ ᠶᠢ ᠳᠡᠭᠡᠭᠰᠢᠯᠡᠭᠦᠯᠦᠨ᠂ ᠴᠠᠭᠳᠠᠭᠠᠨ ᠤ | ᠬᠦᠴᠦᠨ ᠢᠶᠠᠨ ᠲᠥᠪᠯᠡᠷᠡᠭᠦᠯᠵᠦ᠂ ᠣᠯᠠᠨᠲᠠ ᠡᠭᠦᠰᠬᠦ ᠴᠢᠨᠠᠷᠲᠠᠶ ᠡᠳ᠋ ᠬᠥᠷᠥᠩᠭᠡ ᠳᠤ ᠬᠠᠯᠳᠠᠭᠰᠠᠨ ᠬᠡᠷᠡᠭ ᠪᠠ | ᠬᠦᠴᠦᠷᠬᠡᠭᠯᠡᠯ ᠤᠨ ᠶᠠᠯᠠᠲᠤ ᠬᠡᠷᠡᠭ ᠲᠤ ᠴᠢᠩᠭ᠎ᠠ ᠳᠠᠭᠠᠷᠢᠯᠲᠠ ᠶᠠᠪᠤᠭᠤᠯᠪᠠ᠃ ᠱᠠᠯᠢᠭ ᠵᠠᠪᠬᠠᠶ ᠵᠦᠢᠯᠡᠰ ᠵᠣᠭᠤᠰ | ᠮᠥᠷᠦ᠋ᠢᠴᠡᠬᠦ ᠬᠤᠤᠷᠲᠤ ᠡᠳ᠋ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ | ᠪᠠ ᠲᠠᠯᠠᠪᠤᠷ ᠭᠠᠵᠠᠷ ᠢ ᠪᠦᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠠᠵᠢᠯ ᠲᠥᠷᠥᠯ ᠤᠨ ᠲᠠᠯᠠᠪᠤᠷ ᠭᠠᠵᠠᠷ ᠤᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠤᠨ ᠣᠷᠴᠢᠨ ᠲᠣᠭᠤᠷᠢᠨ ᠢ ᠴᠡᠪᠡᠷᠰᠢᠭᠦᠯᠪᠡ᠃ | ᠬᠠᠪᠤᠷ ᠤᠨ ᠤᠯᠠᠷᠢᠯ ᠤᠨ ᠵᠠᠮ ᠬᠠᠷᠢᠯᠴᠠᠭᠠᠨ ᠤ ᠣᠨᠴᠠᠯᠢᠭ ᠲᠤ ᠴᠢᠭᠯᠡᠭᠦᠯᠦᠨ᠂ ᠭᠤᠣᠯᠳᠠᠯᠭ᠎ᠠ ᠲᠠᠢ ᠲᠡᠷᠭᠡ ᠬᠥᠰᠬᠡ ᠪᠣᠯᠤᠨ | ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠭᠠᠴᠠᠭ᠎ᠠ ᠲᠣᠰᠬᠤᠨ | ᠪᠠᠯᠭᠠᠰᠤ ᠵᠡᠭᠡᠯᠢ ᠪᠠᠷ ᠥᠩᠭᠡᠷᠡᠬᠦ ᠵᠠᠮ ᠤᠨ ᠬᠡᠰᠡᠭ ᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠤᠯᠠᠨ | ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠪᠠ᠃ ᠰᠠᠬᠢᠯᠭ᠎ᠠ ᠪᠠᠲᠤ ᠶᠢ ᠴᠢᠩᠭᠠᠳᠬᠠᠨ᠂ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠠᠵᠢᠯᠯᠠᠭ᠎ᠠ ᠶᠢᠨ ᠲᠡᠭᠦᠰ ᠠᠮᠵᠢᠯᠲᠠ ᠤᠯᠬᠤ ᠶᠢ ᠪᠠᠲᠤᠯᠠᠪᠠ᠃ | | |